ᠪᠥᠬᠦ ᠬᠤᠰᠢᠭᠤᠨ ᠤ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠤᠭᠤᠮᠳᠠ | ᠰᠢᠪᠳᠤᠯᠬᠤ ᠣᠨ︾ ᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠦᠷᠢᠶᠡᠨ ᠳᠠᠬᠢ ᠲᠤᠳᠠᠭᠳᠠᠯ ᠪᠠ ᠪᠠᠭᠤᠷᠠᠢ ᠲᠠᠯ᠎ᠠ ᠪᠠᠨ | ᠪᠦᠲᠦᠮᠵᠢᠲᠡᠶ ᠪᠠᠷ ᠨᠥᠬᠦᠪᠦᠷᠢᠯᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ | ᠤᠶᠢᠯᠡᠴᠢᠯᠡᠬᠦ ᠴᠢᠨᠠᠷ ᠴᠢᠨᠰᠠᠭ᠎ᠠ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠮᠥᠩᠭᠦᠨ ᠭᠦᠢᠯᠭᠡᠭᠡ | ᠬᠢᠭᠡᠳ ᠠᠵᠤ ᠠᠬᠤᠢ ᠶᠢᠨ ᠰᠠᠶᠢᠨ ᠣᠷᠴᠢᠯ ᠢ ᠪᠡᠶᠡᠯᠡᠭᠦᠯᠵᠦ᠂ ᠬᠤᠰᠢᠭᠤ ᠲᠠᠶᠠᠭᠠᠷ ᠲᠤ ᠲᠡᠷᠢᠭᠦᠨ ᠤ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠠᠵᠢᠯ ᠤᠨ | ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠵᠢᠯᠯᠠᠭ᠎ᠠ ᠶᠢᠨ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠪᠤᠭᠤᠮᠳᠠ ᠰᠢᠪᠲᠤᠯᠬᠤ ᠡᠭᠦᠷᠭᠡ | ᠣᠳᠣᠬᠠᠨ ᠤ ᠪᠠᠩᠬᠢ ᠶᠢᠨ ᠪᠠᠶᠢᠭᠤᠯᠤᠮᠵᠢ ᠳᠤ ᠵᠣᠬᠢᠬᠤ ᠬᠡᠮᠵᠢᠶᠡᠨ ᠤ ︽ᠡᠳ᠋ ᠬᠥᠷᠥᠩᠭᠡ ᠶᠢᠨ ᠭᠠᠴᠢᠭᠳᠠᠯ︾ | ᠣᠷᠣᠰᠢᠵᠤ᠂ ᠵᠢᠭᠡᠯᠡᠯᠭᠡ ᠲᠠᠯᠪᠢᠬᠤ ᠳᠤ ᠬᠦᠴᠢᠷ᠂ ᠠᠵᠤ ᠠᠬᠤᠶᠢᠯᠠᠯ ᠤᠨ ᠵᠢᠭᠡᠯᠡᠯᠭᠡ ᠤᠯᠬᠤ ᠳᠤ ᠬᠦᠴᠢᠷ᠂ | ᠵᠢᠭᠡᠯᠡᠯᠭᠡ ᠦᠨᠡᠲᠡᠢ᠂ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠭᠰᠡᠨ ᠠᠵᠤ ᠠᠬᠤᠶᠢᠯᠠᠯ ᠴᠥᠭᠡᠨ᠂ ᠡᠷᠡᠭᠦᠯ | ᠪᠤᠰᠤ ᠵᠢᠭᠡᠯᠡᠯᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠳᠠᠷᠤᠯᠲᠠ ᠶᠡᠭᠡ ᠵᠡᠷᠭᠡ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠴᠢᠬᠤᠯᠠᠲᠠᠢ ᠠᠰᠠᠭᠤᠳᠠᠯ ᠲᠤᠯᠭᠠᠷᠠᠵᠤ ᠪᠠᠶᠢᠭ᠎ᠠ | ᠪᠠᠶᠢᠳᠠᠯ ᠳᠤ ᠴᠢᠭᠯᠡᠭᠦᠯᠦᠨ᠂ 2022 ᠣᠨ ᠳᠤ᠂ ᠵᠢᠭᠡᠯᠡᠯᠭᠡ ᠲᠠᠯᠪᠢᠬᠤ ᠬᠡᠮᠵᠢᠶ᠎ᠡ ᠪᠠᠨ ᠨᠡᠮᠡᠭᠳᠡᠭᠦᠯᠬᠦ᠂ ᠪᠡᠯᠡ | ᠲᠣᠬᠢᠷᠠᠭᠤᠯᠭ᠎ᠠ ᠶᠢᠨ ᠪᠦᠲᠦᠴᠡ ᠪᠠᠨ ᠰᠢᠯᠢᠳᠡᠭᠵᠢᠭᠦᠯᠬᠦ᠂ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ | ᠪᠠᠭᠤᠷᠠᠭᠤᠯᠬᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠠ ᠮᠥᠩᠭᠦᠨ | ᠭᠦᠢᠯᠭᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠨᠡᠮᠡᠭᠳᠡᠯ ᠤᠨ ᠬᠡᠮᠵᠢᠶ᠎ᠡ ᠬᠡᠪᠴᠢᠶ᠎ᠡ ᠶᠢ ᠥᠷᠭᠡᠳᠬᠡᠬᠦ | ᠂ ᠦᠨ᠎ᠡ ᠶᠢ ᠪᠠᠭᠤᠷᠠᠭᠤᠯᠬᠤ ᠶᠢ ᠠᠬᠢᠭᠤᠯᠵᠤ᠂ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠮᠥᠩᠭᠦᠨ | ᠭᠦᠢᠯᠭᠡᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠪᠥᠬᠦ ᠬᠤᠰᠢᠭᠤᠨ ᠤ ᠪᠣᠳᠠᠲᠤ | ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | 2022 ᠣᠨ ᠤ ᠡᠴᠦᠰ ᠪᠣᠯᠬᠤ ᠳᠤ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ︔ ᠵᠢᠭᠡᠯᠡᠯᠭᠡ ᠵᠢᠭᠡᠯᠡᠭᠰᠡᠨ | ᠠᠵᠤ ᠠᠬᠤᠶᠢᠯᠠᠯ ᠤᠨ ᠲᠤᠭ᠎ᠠ ᠬᠡᠮᠵᠢᠶ᠎ᠡ ᠨᠢᠳᠤᠨᠤᠨ ᠤ ᠬᠢ ᠠᠴᠠ ᠲᠠᠪᠠᠭᠤᠯᠤᠨ᠎ᠠ︔ ᠠᠷᠠᠳ ᠠᠴᠠ ᠡᠵᠡᠩᠨᠡᠭᠰᠡᠨ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠦᠢᠯᠡᠴᠢᠯᠡᠭᠡ ᠶᠢ ᠢᠯᠡᠳᠲᠡ ᠰᠠᠶᠢᠵᠢᠷᠠᠭᠤᠯᠵᠤ | ᠂ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠲᠣᠭᠲᠠᠭᠤᠨ ᠢᠶᠠᠷ ᠪᠠᠭᠤᠷᠠᠭᠤᠯᠬᠤ ᠶᠢᠨ ᠬᠠᠮᠲᠤ ᠵᠦᠢ ᠵᠣᠬᠢᠰᠲᠠᠢ | ᠬᠢᠷᠢ ᠲᠦᠪᠰᠢᠨ ᠳᠤ ᠪᠠᠶᠢᠯᠭᠠᠬᠤ ᠶᠢ ᠪᠠᠲᠤᠯᠠᠨ᠎ᠠ︔ ᠮᠥᠩᠭᠦᠨ ᠭᠦᠢᠯᠭᠡᠭᠡᠨ ᠤ ᠦᠢᠯᠡᠳᠬᠦᠨ ᠤ ᠲᠦᠷᠦᠯ ᠵᠦᠢᠯ ᠪᠠ | ᠲᠤᠭ᠎ᠠ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠬᠦᠯᠵᠦ᠂ ᠮᠥᠩᠭᠦᠨ ᠭᠦᠢᠯᠭᠡᠭᠡᠨ ᠤ ᠦᠢᠯᠡᠳᠬᠦᠨ ᠪᠠ ᠲᠦᠷᠦ ᠶᠢᠨ | ᠪᠣᠳᠣᠯᠭ᠎ᠠ ᠶᠢᠨ ᠤᠬᠠᠭᠤᠯᠭ᠎ᠠ ᠶᠢ ᠨᠡᠩ ᠣᠨᠣᠪᠴᠢᠲᠠᠢ ᠪᠤᠯᠭᠠᠨ᠎ᠠ︔ ᠪᠠᠩᠬᠢ ᠶᠢᠨ ᠪᠠᠶᠢᠭᠤᠯᠤᠮᠵᠢ ᠶᠢᠨ ᠡᠷᠡᠭᠦᠯ ᠪᠤᠰᠤ | ᠵᠢᠭᠡᠯᠡᠯᠭᠡ ᠶᠢᠨ ᠨᠤᠷᠮ᠎ᠠ ᠶᠢ ᠠᠯᠬᠤᠮ ᠠᠯᠬᠤᠮ ᠢᠶᠠᠷ ᠪᠠᠭᠤᠷᠠᠭᠤᠯᠵᠤ᠂ ᠮᠥᠩᠭᠦᠨ ᠭᠦᠢᠯᠭᠡᠭᠡᠨ ᠤ ᠬᠦᠷᠢᠶᠡᠨ ᠳᠤ | ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠮᠥᠩᠭᠦᠨ | ᠭᠦᠢᠯᠭᠡᠭᠡᠨ ᠤ ᠠᠮᠢ ᠠᠬᠤᠢ ᠶᠢᠨ ᠣᠷᠴᠢᠨ ᠨᠥᠬᠦᠴᠡᠯ ᠢ ᠡᠳᠦᠷ ᠢᠷᠡᠬᠦᠶ᠎ᠡ ᠰᠢᠯᠢᠳᠡᠭᠵᠢᠭᠦᠯᠤᠨ᠎ᠡ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ᠢᠲᠡᠭᠡᠮᠵᠢᠲᠦ ᠵᠢᠭᠡᠯᠡᠯᠭᠡ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠢᠲᠡᠭᠡᠮᠵᠢᠲᠦ ᠵᠢᠭᠡᠯᠡᠯᠭᠡ ᠶᠢᠨ | ᠬᠡᠪᠴᠢᠶ᠎ᠡ ᠶᠢᠨ ᠢᠯᠡᠳᠲᠡ ᠨᠡᠮᠡᠭᠳᠡᠬᠦ ᠶᠢ ᠦᠨᠡᠨ ᠬᠦ ᠪᠠᠲᠤᠯᠠᠨ᠎ᠠ | 1. ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠵᠢᠭᠡᠯᠡᠯᠭᠡ ᠶᠢᠨ ᠶᠡᠷᠦᠩᠬᠡᠢ | ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠪᠠᠩᠬᠢ ᠶᠢᠨ ᠪᠠᠶᠢᠭᠤᠯᠤᠮᠵᠢ ᠶᠢᠨ ᠰᠠᠨᠠᠭᠠᠴᠢᠯᠠᠭ᠎ᠠ ᠠᠴᠠ ᠪᠠᠨ | ᠮᠠᠨ ᠤ ᠬᠤᠰᠢᠭᠤᠨ ᠤ ᠴᠢᠬᠤᠯᠠ ᠶᠡᠭᠡ ᠢᠨᠵᠧᠨᠧᠷᠢᠩ᠂ ᠴᠢᠬᠤᠯᠠ ᠲᠦᠷᠦᠯ ᠵᠦᠢᠯ᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ᠪᠡᠯᠡ ᠲᠤᠬᠢᠷᠠᠭᠤᠯᠬᠤ ᠬᠡᠷᠡᠭᠴᠡᠭᠡ ᠲᠠᠢ ᠵᠣᠯᠭᠠᠭᠤᠯᠬᠤ ᠶᠢ ᠠᠬᠢᠭᠤᠯᠵᠤ᠂ ᠣᠨᠴᠠᠭᠠᠶᠢᠯᠠᠨ | ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠬᠦ ᠠᠵᠤ ᠠᠬᠤᠶᠢᠯᠠᠯ ᠵᠡᠷᠭᠡ ᠪᠠᠭᠤᠷᠠᠢ ᠭᠤᠭᠴᠤᠭ᠎ᠠ ᠪᠠ ᠭᠤᠣᠯᠳᠠᠯᠭ᠎ᠠ ᠲᠠᠢ ᠬᠦᠷᠢᠶ᠎ᠡ ᠳᠠᠬᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠤᠯᠠᠮ ᠴᠢᠨᠠᠭᠰᠢᠳᠠ | ᠴᠢᠩᠭᠠᠷᠠᠭᠤᠯᠵᠤ᠂ ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠵᠢᠭᠡᠯᠡᠯᠭᠡ | ᠵᠢᠭᠡᠯᠡᠭᠰᠡᠨ ᠠᠵᠤ ᠠᠬᠤᠶᠢᠯᠠᠯ ᠤᠨ ᠲᠤᠭ᠎ᠠ ᠶᠢ ᠨᠢᠳᠤᠨᠤᠨ ᠤ ᠬᠢ ᠠᠴᠠ ᠲᠠᠪᠠᠭᠤᠯᠤᠨ᠎ᠠ᠃ ︵ᠲᠦᠷᠦᠭᠦᠯᠡᠬᠦ ᠰᠠᠯᠠᠭ᠎ᠠ | ᠮᠥᠴᠢᠷ᠄ ᠠᠷᠠᠳ ᠤᠨ ᠪᠠᠩᠬᠢ ᠶᠢᠨ ᠵᠠᠷᠤᠳ ᠬᠤᠰᠢᠭᠤᠨ ᠤ ᠰᠠᠯᠪᠤᠷᠢ ᠪᠠᠩᠬᠢ︔ ᠬᠠᠮᠵᠢᠯᠴᠠᠬᠤ ᠰᠠᠯᠠᠭ᠎ᠠ ᠮᠥᠴᠢᠷ᠄ | ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ︔ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ ᠡᠴᠦᠰ ᠲᠤ᠂ | ᠦᠷᠭᠦᠯᠵᠢᠯᠡᠨ ᠠᠬᠢᠭᠤᠯᠤᠨ᠎ᠠ᠃︶ | 2. ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠪᠠᠶᠢᠭᠤᠯᠵᠤ᠂ ᠮᠡᠳᠡᠭᠡ ᠵᠠᠩᠭᠢ ᠶᠢᠨ ᠠᠷᠭ᠎ᠠ | ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠥᠨᠳᠥᠷ ᠪᠦᠲᠦᠮᠵᠢᠲᠡᠶ ᠪᠥᠭᠡᠳ ᠪᠣᠳᠠᠲᠤ ᠬᠡᠷᠡᠭᠴᠡᠭᠡ ᠲᠠᠢ᠂ ᠣᠯᠠᠨ | ᠵᠦᠢᠯ ᠤᠨ ᠬᠡᠯᠪᠡᠷᠢ ᠶᠢᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠵᠣᠯᠭᠠᠭᠤᠯᠬᠤ ᠬᠤᠷᠠᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠢᠯᠠᠩᠭᠤᠶ᠎ᠠ ᠵᠦᠢ ᠶᠣᠰᠣᠨ ᠤ ᠮᠥᠩᠭᠦᠨ ᠭᠦᠢᠯᠭᠡᠭᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠴᠢ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠭᠤᠣᠯᠳᠠᠯᠭ᠎ᠠ ᠲᠠᠢ | ᠬᠦᠷᠢᠶᠡᠨ ᠳᠤ ᠠᠵᠤ ᠠᠬᠤᠶᠢᠯᠠᠯ ᠳᠤ ᠴᠢᠭᠯᠡᠭᠦᠯᠦᠨ ᠲᠤᠰᠬᠠᠢ ᠰᠡᠳᠦᠪᠲᠦ ᠵᠣᠯᠭᠠᠭᠤᠯᠬᠤ ᠬᠤᠷᠠᠯ ᠬᠤᠷᠠᠯᠳᠤᠭᠤᠯᠵᠤ᠂ | ᠬᠤᠷᠸ᠎ᠠ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠮᠥᠩᠭᠦᠨ ᠭᠦᠢᠯᠭᠡᠭᠡᠨ ᠤ | ᠲᠥᠷᠥ ᠶᠢᠨ ᠪᠣᠳᠣᠯᠭ᠎ᠠ ᠶᠢ ᠭᠤᠣᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠵᠤ᠂ ᠪᠠᠩᠬᠢ ᠶᠢᠨ ᠪᠠᠶᠢᠭᠤᠯᠤᠮᠵᠢ ᠶᠢᠨ | ᠠᠷᠠᠳ ᠤᠨ ᠡᠵᠡᠩᠨᠡᠯᠲᠡ ᠵᠢᠴᠢ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠨᠠᠷᠢᠯᠢᠭ ᠣᠨᠣᠪᠴᠢᠲᠤ | ᠴᠢᠨᠠᠷ ᠪᠠ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠤ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ︔ ᠬᠠᠮᠵᠢᠯᠴᠠᠬᠤ ᠰᠠᠯᠠᠭ᠎ᠠ ᠮᠥᠴᠢᠷ᠄ ᠠᠷᠠᠳ ᠤᠨ ᠪᠠᠩᠬᠢ ᠶᠢᠨ | ᠵᠠᠷᠤᠳ ᠬᠤᠰᠢᠭᠤᠨ ᠤ ᠰᠠᠯᠪᠤᠷᠢ ᠪᠠᠩᠬᠢ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠃ | ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ ᠡᠴᠦᠰ᠂ ᠦᠷᠭᠦᠯᠵᠢᠯᠡᠨ ᠠᠬᠢᠭᠤᠯᠤᠨ᠎ᠠ᠃︶ | 3. ᠠᠵᠤ ᠠᠬᠤᠶᠢᠯᠠᠯ ᠤᠨ ᠪᠣᠯᠪᠠᠰᠤᠷᠠᠭᠤᠯᠤᠯ ᠢ ᠴᠢᠩᠭᠠᠷᠠᠭᠤᠯᠵᠤ᠂ ᠲᠣᠭᠲᠠᠭᠠᠯ ᠳᠤ ᠨᠡᠶᠢᠴᠡᠬᠦ ᠦᠵᠡᠯ | ᠤᠬᠠᠮᠰᠠᠷ ᠢᠶᠠᠨ ᠴᠢᠩᠭᠠᠷᠠᠭᠤᠯᠤᠨ᠎ᠠ᠃ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠤᠨ | ᠪᠣᠯᠪᠠᠰᠤᠷᠠᠭᠤᠯᠤᠯ ᠢ ᠴᠢᠩᠭᠠᠳᠬᠠᠵᠤ᠂ ᠠᠵᠤ ᠠᠬᠤᠶᠢᠯᠠᠯ ᠤᠨ ᠥᠪᠡᠷ ᠤᠨ ᠪᠠᠶᠢᠭ᠎ᠠ ᠪᠡᠯᠡ ᠮᠥᠩᠭᠦ ᠪᠠᠨ ᠭᠦᠢᠴᠡᠳ | ᠰᠢᠯᠵᠢᠭᠦᠯᠦᠨ ᠥᠭᠬᠦ ᠶᠢ ᠬᠥᠲᠥᠯᠥᠨ ᠵᠢᠯᠤᠭᠤᠳᠴᠤ᠂ ᠡᠳ᠋ ᠤᠨ ᠶᠠᠪᠤᠳᠠᠯ ᠤᠨ ᠳᠦᠷᠢᠮ ᠢ ᠵᠢᠷᠤᠮᠵᠢᠭᠤᠯᠤᠨ᠂ | ᠦᠨᠡᠨᠴᠢ ᠢᠲᠡᠭᠡᠮᠵᠢᠲᠡᠢ ᠪᠠᠶᠢᠬᠤ ᠠᠮᠠᠯᠠᠯᠳᠠ ᠪᠠᠨ ᠰᠠᠬᠢᠬᠤ᠂ ᠭᠡᠷ᠎ᠡ ᠶᠢᠨ ᠵᠣᠷᠢᠭ ᠰᠠᠨᠠᠭ᠎ᠠ ᠶᠢ ᠪᠣᠶ ᠪᠣᠯᠭᠠᠨ᠂ ᠵᠠᠬ᠎ᠠ | ᠳᠡᠯᠭᠡᠭᠦᠷ ᠤᠨ ᠥᠷᠢᠰᠦᠯᠳᠦᠬᠦ ᠬᠦᠴᠦᠨ ᠪᠠ ᠢᠲᠡᠭᠡᠮᠵᠢ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠡᠭᠦᠨ ᠤ | ᠤᠯᠠᠮ ᠢᠶᠠᠷ ᠲᠣᠰ ᠪᠡᠶ᠎ᠡ ᠶᠢᠨ ᠵᠢᠭᠡᠯᠡᠯᠭᠡ ᠣᠯᠬᠤ ᠵᠢᠴᠢ ᠪᠡᠯᠡ ᠲᠣᠬᠢᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠭᠡ | ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠳ᠋ ᠤᠨ ᠵᠠᠰᠠᠭ ᠤᠨ ᠲᠣᠪᠴᠢᠶ᠎ᠠ︔ | ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ︔ ᠪᠡᠶᠡᠯᠡᠭᠦᠯᠬᠦ ᠴᠠᠭ ᠤᠨ ᠬᠢᠵᠠᠭᠠᠷ ᠨᠢ᠄ | 2022 ᠣᠨ ᠤ ᠵᠢᠯ ᠤᠨ ᠡᠴᠦᠰ ᠲᠤ᠂ ᠦᠷᠭᠦᠯᠵᠢᠯᠡᠨ ᠠᠬᠢᠭᠤᠯᠤᠨ᠎ᠠ᠃︶ | ︵ᠬᠤᠶᠠᠷ︶ ᠪᠡᠯᠡ ᠲᠣᠬᠢᠷᠠᠭᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠵᠢᠵᠢᠭ ᠪᠢᠴᠢᠯ ᠠᠵᠤ | ᠠᠬᠤᠶᠢᠯᠠᠯ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠵᠡᠷᠭᠡ ᠶᠢ ᠨᠡᠶᠢᠳᠡᠮ ᠬᠠᠮᠤᠷᠠᠭᠰᠠᠨ ᠭᠤᠣᠯᠳᠠᠯᠭ᠎ᠠ ᠲᠠᠢ ᠬᠦᠷᠢᠶᠡᠨ ᠳᠠᠬᠢ ᠢᠲᠡᠭᠡᠮᠵᠢᠲᠦ | ᠵᠢᠭᠡᠯᠡᠯᠭᠡ ᠶᠢᠨ ᠳᠡᠮᠵᠢᠯᠭᠡ ᠪᠠᠨ ᠨᠡᠮᠡᠭᠳᠡᠭᠦᠯᠦᠨ᠎ᠡ | 4. ᠵᠤᠭᠤᠰ ᠤᠨ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ᠂ ᠰᠠᠶᠢᠨ ᠠᠰᠢᠭᠲᠠᠢ ᠲᠥᠷᠥ ᠶᠢᠨ | ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠳᠤᠮᠵᠢ ᠭᠠᠷᠭᠠᠨ᠎ᠠ᠃ ᠨᠥᠬᠦᠴᠡᠯ ᠳᠤ ᠨᠡᠶᠢᠴᠡᠬᠦ ᠣᠷᠣᠨ | ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠤᠭᠤᠳᠴᠤ ᠪᠠᠶᠢᠭᠠᠳ ᠲᠥᠪ ᠪᠠᠩᠬᠢ ᠶᠢᠨ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠲᠠᠬᠢᠯᠳᠠ | ᠵᠢᠭᠡᠯᠡᠯᠭᠡ᠂ ᠨᠡᠶᠢᠳᠡᠮ ᠬᠠᠷᠠᠭᠠᠯᠵᠠᠬᠤ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠵᠡᠷᠭᠡ ᠵᠤᠭᠤᠰ ᠤᠨ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠪᠠᠭᠠᠵᠢ ᠶᠢ ᠭᠦᠢᠴᠡᠳ ᠰᠠᠶᠢᠲᠤᠷ ᠬᠡᠷᠡᠭᠯᠡᠵᠦ᠂ ᠲᠠᠷᠢᠶᠠᠯᠠᠩ ᠲᠠᠢ | ᠬᠤᠯᠪᠣᠭᠳᠠᠬᠤ ᠵᠢᠴᠢ ᠵᠢᠵᠢᠭ ᠠᠵᠤ ᠠᠬᠤᠶᠢᠯᠠᠯ ᠢ ᠨᠡᠶᠢᠳᠡᠮ ᠬᠠᠷᠠᠭᠠᠯᠵᠠᠬᠤ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠲᠠᠬᠢᠯᠳᠠ ᠵᠢᠭᠡᠯᠡᠯᠭᠡ ᠶᠢᠨ ᠬᠡᠷᠡᠭᠯᠡᠬᠦ ᠬᠡᠪᠴᠢᠶ᠎ᠡ ᠶᠢ | ᠥᠷᠭᠡᠳᠬᠡᠨ᠎ᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ ᠪᠠᠭᠠᠵᠢ ᠶᠢ | ᠢᠳᠡᠪᠬᠢᠲᠡᠢ ᠰᠠᠶᠢᠲᠤᠷ ᠬᠡᠷᠡᠭᠯᠡᠵᠦ᠂ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠬᠦᠷᠢᠶᠡᠨ ᠳᠠᠬᠢ ᠮᠥᠩᠭᠦᠨ | ᠭᠦᠢᠯᠭᠡᠭᠡᠨ ᠤ ᠳᠡᠮᠵᠢᠯᠭᠡ ᠪᠠᠨ ᠨᠡᠮᠡᠭᠳᠡᠭᠦᠯᠵᠦ᠂ ᠮᠠᠨ ᠤ ᠬᠤᠰᠢᠭᠤᠨ ᠤ ᠪᠣᠬᠢᠷᠳᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠭᠦᠨᠵᠡᠭᠡᠢ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ | ᠠᠷᠠᠳ ᠤᠨ ᠪᠠᠩᠬᠢ ᠶᠢᠨ ᠵᠠᠷᠤᠳ ᠬᠤᠰᠢᠭᠤᠨ ᠤ ᠰᠠᠯᠪᠤᠷᠢ ᠪᠠᠩᠬᠢ︔ ᠬᠠᠮᠵᠢᠯᠴᠠᠬᠤ ᠰᠠᠯᠠᠭ᠎ᠠ ᠮᠥᠴᠢᠷ᠄ ᠡᠯ᠎ᠡ | ᠬᠠᠮᠢᠶ᠎ᠠ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠃ ᠪᠡᠶᠡᠯᠡᠭᠦᠯᠬᠦ ᠴᠠᠭ ᠤᠨ | ᠬᠢᠵᠠᠭᠠᠷ ᠨᠢ᠄ 2022 ᠣᠨ ᠤ ᠵᠢᠯ ᠤᠨ ᠡᠴᠦᠰ᠂ ᠦᠷᠭᠦᠯᠵᠢᠯᠡᠨ ᠠᠬᠢᠭᠤᠯᠤᠨ᠎ᠠ᠃︶ | 5. ᠬᠤᠳᠠᠯᠳᠤᠭᠠᠴᠢᠨ ᠤᠷᠢᠬᠤ ᠲᠥᠷᠥᠯ ᠵᠦᠢᠯ ᠳᠤ ᠦᠢᠯᠡᠴᠢᠯᠡᠵᠦ᠂ ᠢᠲᠡᠭᠡᠮᠵᠢᠲᠦ ᠵᠢᠭᠡᠯᠡᠯᠭᠡ ᠶᠢᠨ ᠳᠠᠯᠳᠠ | ᠬᠦᠴᠦᠨ ᠢ ᠠᠭᠤᠳᠠᠯᠤᠨ᠎ᠠ᠃ ᠮᠥᠩᠭᠦᠨ ᠭᠦᠢᠯᠭᠡᠭᠡᠨ ᠤ ᠬᠤᠳᠠᠯᠳᠤᠭᠠᠴᠢᠨ ᠤᠷᠢᠬᠤ ᠲᠥᠷᠥᠯ ᠵᠦᠢᠯ ᠳᠤ | ᠤᠶᠢᠯᠡᠴᠢᠯᠡᠬᠦ ᠬᠠᠮᠢᠶ᠎ᠠ ᠪᠦᠬᠦᠢ ᠲᠣᠭᠲᠠᠴᠠ ᠶᠢ ᠪᠠᠶᠢᠭᠤᠯᠵᠤ᠂ ᠵᠠᠷᠤᠳ ᠳᠤ ᠰᠠᠭᠤᠭ᠎ᠠ ᠪᠠᠩᠬᠢ ᠶᠢᠨ | ᠪᠠᠶᠢᠭᠤᠯᠤᠮᠵᠢ ᠶᠢᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠪᠣᠳᠠᠲᠠᠢ ᠶᠢ ᠡᠷᠬᠢᠮᠯᠡᠨ ᠰᠢᠨ᠎ᠡ ᠶᠢ ᠡᠭᠦᠳᠬᠦ ᠶᠢ | ᠬᠥᠲᠥᠯᠥᠨ ᠵᠢᠯᠤᠭᠤᠳᠴᠤ᠂ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠲᠠᠳᠠᠬᠤ ᠠᠵᠢᠯ ᠳᠤ | ᠰᠠᠨᠠᠭᠠᠴᠢᠯᠠᠭ᠎ᠠ ᠠᠴᠠ ᠪᠠᠨ ᠤᠷᠤᠯᠴᠠᠭᠤᠯᠤᠨ᠎ᠠ᠂ ᠬᠤᠳᠠᠯᠳᠤᠭᠠᠴᠢᠨ ᠤᠷᠢᠵᠤ ᠪᠡᠯᠡ ᠲᠠᠳᠠᠬᠤ ᠭᠡᠷ᠎ᠡ ᠲᠣᠭᠲᠠᠭᠰᠠᠨ | ᠲᠥᠷᠥᠯ ᠵᠦᠢᠯ ᠳᠤ ᠤᠷᠢᠳᠴᠢᠯᠠᠨ ᠣᠷᠤᠯᠴᠠᠬᠤ᠂ ᠪᠥᠬᠦ ᠶᠠᠪᠤᠴᠠ ᠳᠤ ᠮᠥᠷᠳᠡᠬᠦ᠂ ᠥᠨᠳᠥᠷ ᠪᠦᠲᠦᠮᠵᠢᠲᠡᠶ | ᠦᠢᠯᠡᠴᠢᠯᠡᠬᠦ ᠪᠠᠷ ᠳᠡᠮᠵᠢᠨ᠂ ᠵᠠᠰᠠᠭ ᠮᠦᠩᠭᠦᠨ ᠭᠦᠢᠯᠭᠡᠭᠡ ᠠᠵᠤ ᠠᠬᠤᠶᠢᠯᠠᠯ ᠤᠨ ᠵᠣᠯᠭᠠᠯᠴᠠᠭ᠎ᠠ ᠶᠢᠨ ᠪᠦᠲᠦᠮᠵᠢᠲᠦ | ᠴᠢᠨᠠᠷ ᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠤ ᠣᠷᠣᠨ ᠪᠦᠰᠡ ᠶᠢᠨ ᠠᠵᠤ | ᠠᠬᠤᠢ ᠶᠢᠨ ᠬᠠᠮᠵᠢᠯᠴᠠᠭ᠎ᠠ ᠶᠢᠨ ᠦᠢᠯᠡᠴᠢᠯᠡᠭᠡᠨ ᠤ ᠲᠥᠪ᠂ ᠮᠥᠩᠭᠦᠨ ᠭᠦᠢᠯᠭᠡᠭᠡᠨ ᠤ ᠤᠶᠢᠯᠡᠴᠢᠯᠡᠭᠡᠨ ᠤ ᠲᠦᠪ︔ | ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠪᠠᠩᠬᠢ ᠶᠢᠨ ᠦᠢᠯᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ | ᠡᠴᠦᠰ᠂ ᠦᠷᠭᠦᠯᠵᠢᠯᠡᠨ ᠠᠬᠢᠭᠤᠯᠤᠨ᠎ᠠ᠃︶ | 6. ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠦᠨ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠪᠠᠶᠢᠭᠠᠳ ᠠᠷᠠᠳ ᠠᠴᠠ ᠡᠵᠡᠩᠨᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ᠂ ᠵᠦᠢ ᠶᠣᠰᠣᠨ ᠤ ᠮᠥᠩᠭᠦᠨ ᠭᠦᠢᠯᠭᠡᠭᠡ | ᠵᠡᠷᠭᠡ ᠳᠤ ᠤᠷᠢᠳᠠᠪᠠᠷ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠵᠦ᠂ ᠢᠲᠡᠭᠡᠮᠵᠢᠲᠦ ᠵᠢᠭᠡᠯᠡᠯᠭᠡ ᠶᠢᠨ | ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ︔ ᠡᠬᠡ ᠮᠥᠩᠭᠦ ᠶᠢ ᠨᠢ ᠪᠤᠴᠠᠭᠠᠬᠤ ᠦᠭᠡᠢ ᠪᠠᠷ ᠦᠷᠭᠦᠯᠵᠢᠯᠡᠨ | ᠵᠠᠷᠤᠬᠤ ᠵᠢᠭᠡᠯᠡᠯᠭᠡ᠂ ᠵᠢᠭᠡᠯᠡᠬᠦ ᠶᠢᠨ ᠳᠠᠭᠠᠤ ᠪᠤᠴᠠᠭᠠᠬᠤ ᠵᠡᠷᠭᠡ ᠵᠢᠭᠡᠯᠡᠯᠭᠡ ᠶᠢᠨ ᠦᠢᠯᠡᠳᠬᠦᠨ ᠢ ᠦᠷᠭᠦᠯᠵᠢᠯᠡᠨ | ᠲᠡᠭᠦᠯᠳᠡᠷᠵᠢᠭᠦᠯᠬᠦ ᠶᠢᠨ ᠬᠠᠮᠲᠤ ᠶᠡᠬᠡᠪᠡᠷ ᠳᠡᠯᠭᠡᠷᠡᠭᠦᠯᠵᠦ᠂ ᠬᠡᠪ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠡᠷᠭᠢᠯᠲᠡ ᠶᠢ ︽ᠵᠠᠪᠰᠠᠷ ᠦᠭᠡᠢ ᠵᠣᠯᠭᠠᠭᠤᠯᠬᠤ︾ ᠶᠢ ᠳᠡᠮᠵᠢᠨ᠎ᠡ︔ ᠢᠲᠡᠭᠡᠮᠵᠢᠲᠦ ᠵᠢᠭᠡᠯᠡᠯᠭᠡ | ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠢᠲᠡᠭᠡᠮᠵᠢᠲᠦ ᠵᠢᠭᠡᠯᠡᠯᠭᠡ ᠶᠢᠨ ᠡᠵᠡᠯᠡᠬᠦ ᠬᠠᠷᠢᠴᠠᠯ ᠢ ᠠᠯᠬᠤᠮ | ᠠᠯᠬᠤᠮ ᠢᠶᠠᠷ ᠳᠡᠭᠡᠭᠰᠢᠯᠡᠭᠦᠯᠦᠨ᠎ᠡ︔ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠤᠨ ᠬᠠᠮᠢᠶᠠᠷᠤᠯᠲᠠ ᠶᠢ ᠴᠢᠩᠭᠠᠳᠬᠠᠵᠤ | ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠶᠡᠯᠡᠯ ᠲᠠᠢ ᠵᠣᠬᠢᠴᠠᠯᠳᠤᠭᠰᠠᠨ ᠲᠤᠮᠳᠠ ᠤᠷᠳᠤ ᠬᠤᠭᠤᠴᠠᠭᠠᠨ ᠤ | ᠵᠢᠭᠡᠯᠡᠯᠭᠡ ᠶᠢᠨ ᠬᠠᠩᠭᠠᠯᠭ᠎ᠠ ᠶᠢ ᠵᠤᠬᠢᠰᠳᠠᠢ ᠨᠡᠮᠡᠭᠳᠡᠭᠦᠯᠤᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠷᠠᠳ ᠤᠨ | ᠪᠠᠩᠬᠢ ᠶᠢᠨ ᠵᠠᠷᠤᠳ ᠬᠤᠰᠢᠭᠤᠨ ᠤ ᠰᠠᠯᠪᠤᠷᠢ ᠪᠠᠩᠬᠢ︔ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ ᠡᠴᠦᠰ᠂ ᠦᠷᠭᠦᠯᠵᠢᠯᠡᠨ | ᠠᠬᠢᠭᠤᠯᠤᠨ᠎ᠠ᠃︶ | ︵ᠭᠤᠷᠪᠠ︶ ᠦᠢᠯᠡᠴᠢᠯᠡᠭᠡᠨ ᠤ ᠶᠠᠪᠤᠴᠠ ᠪᠠᠨ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠦᠢᠯᠡᠳᠬᠦᠨ ᠤ | ᠰᠢᠨ᠎ᠡ ᠶᠢ ᠡᠭᠦᠳᠬᠦ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | 7. ᠮᠥᠩᠭᠦᠨ ᠭᠦᠢᠯᠭᠡᠭᠡᠨ ᠤ ᠦᠢᠯᠡᠳᠬᠦᠨ ᠪᠠ ᠪᠡᠯᠡ ᠲᠣᠬᠢᠷᠠᠭᠤᠯᠬᠤ ᠵᠠᠭᠪᠤᠷ ᠲᠤ ᠢᠳᠡᠪᠬᠢᠲᠡᠢ ᠪᠠᠷ ᠰᠢᠨ᠎ᠡ ᠶᠢ | ᠡᠭᠦᠳᠦᠨ᠎ᠡ᠃ ᠪᠠᠩᠬᠢ ᠶᠢᠨ ᠪᠠᠶᠢᠭᠤᠯᠤᠮᠵᠢ ᠶᠢᠨ ᠲᠦᠭᠰᠢᠭᠦᠷᠢ ᠶᠢᠨ ᠬᠠᠮᠢᠶᠠᠷᠤᠯᠲᠠ ᠪᠠᠨ ᠴᠢᠩᠭᠠᠳᠬᠠᠭᠰᠠᠨ ᠰᠠᠭᠤᠷᠢᠨ | ᠳᠡᠭᠡᠷ᠎ᠡ᠂ ᠡᠯ᠎ᠡ ᠲᠥᠷᠥᠯ ᠤᠨ ᠠᠵᠤ ᠠᠬᠤᠶᠢᠯᠠᠯ ᠤᠨ ᠣᠨᠴᠠᠯᠢᠭᠲᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ | ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ | ᠰᠦᠯᠵᠢᠶᠡᠨ ᠳᠡᠭᠡᠷᠡᠬᠢ ᠮᠥᠩᠭᠦᠨ ᠭᠦᠢᠯᠭᠡᠭᠡᠨ ᠤ ᠦᠢᠯᠡᠳᠬᠦᠨ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠵᠦ᠂ | ᠰᠦᠯᠵᠢᠶᠡᠨ ᠳᠡᠭᠡᠷᠡᠬᠢ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ ᠵᠢᠭᠡᠯᠡᠯᠭᠡ ᠭᠦᠢᠴᠡᠳᠬᠡᠬᠦ ᠲᠠᠰ ᠳᠠᠷᠠᠭᠠᠯᠠᠯ | ᠢᠶᠠᠨ ᠤᠯᠠᠮ ᠨᠢᠭᠡ ᠠᠯᠬᠤᠮ ᠳᠥᠭᠦᠮᠴᠢᠯᠡᠵᠦ᠂ ᠬᠢᠨᠠᠨ ᠵᠥᠪᠰᠢᠶᠡᠷᠡᠬᠦ ᠴᠠᠭ ᠢ ᠪᠠᠭᠠᠰᠬᠠᠬᠤ ᠶᠢ ᠳᠡᠮᠵᠢᠨ᠎ᠡ︔ | ᠪᠠᠩᠬᠢ ᠶᠢᠨ ᠦᠢᠯᠡᠰ ᠤᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠠᠨᠵᠢᠯᠠᠬᠤ ᠪᠤᠳᠠᠰ ᠤᠨ | ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠮᠠᠯ ᠤᠨᠤᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ | ᠬᠤᠷᠢᠶᠠᠪᠠᠰᠤ ᠵᠣᠬᠢᠬᠤ ᠲᠠᠩᠰᠠᠨ ᠤ ᠵᠣᠭᠤᠰ᠂ ᠬᠥᠮᠥᠷᠭᠡ ᠶᠢᠨ ᠭᠡᠷᠡᠴᠢ ᠪᠠᠷᠢᠮᠲᠠ ᠵᠡᠷᠭᠡ ᠳᠠᠨᠵᠢᠯᠠᠭ᠎ᠠ ᠶᠢᠨ ᠪᠤᠳᠠᠰ | ᠢᠶᠠᠨ ᠪᠠᠷᠢᠴᠠᠭᠠᠯᠠᠭᠰᠠᠨ ᠵᠢᠭᠡᠯᠡᠯᠭᠡ ᠶᠢ ᠢᠳᠡᠪᠬᠢᠲᠡᠢ ᠪᠠᠷ ᠲᠠᠮᠵᠢᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ | ᠠᠷᠠᠳ ᠤᠨ ᠪᠠᠩᠬᠢ ᠶᠢᠨ ᠵᠠᠷᠤᠳ ᠬᠤᠰᠢᠭᠤᠨ ᠤ ᠰᠠᠯᠪᠤᠷᠢ ᠪᠠᠩᠬᠢ︔ ᠬᠠᠮᠵᠢᠯᠴᠠᠬᠤ ᠰᠠᠯᠠᠭ᠎ᠠ ᠮᠥᠴᠢᠷ᠄ | ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ ᠡᠴᠦᠰ᠂ | ᠦᠷᠭᠦᠯᠵᠢᠯᠡᠨ ᠠᠬᠢᠭᠤᠯᠤᠨ᠎ᠠ᠃︶ | 8. ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠢᠳᠡᠪᠬᠢᠳᠠᠢ ᠪᠠᠷ ᠠᠵᠤ ᠠᠬᠤᠶᠢᠯᠠᠯ | ᠤᠨ ᠰᠦᠢᠳᠬᠡᠯ ᠢ ᠨᠢ ᠪᠠᠭᠠᠰᠬᠠᠵᠤ ᠠᠰᠢᠭ ᠣᠯᠭᠤᠨ᠎ᠠ᠃ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢ ᠬᠥᠲᠥᠯᠥᠨ | ᠵᠢᠯᠤᠭᠤᠳᠴᠤ ᠪᠠᠶᠢᠭᠠᠳ ᠵᠢᠭᠡᠯᠡᠯᠭᠡ ᠶᠢᠨ ᠵᠠᠬ᠎ᠠ ᠳᠡᠯᠭᠡᠭᠦᠷ ᠲᠤ ᠮᠡᠳᠡᠭᠦᠯᠤᠭ᠍ᠰᠡᠨ ᠦᠨ᠎ᠡ ᠬᠦᠦ ᠶᠢᠨ ᠨᠣᠷᠮ᠎ᠠ ︵ | LPR︶ ᠪᠠᠷ ᠰᠠᠭᠤᠷᠢ ᠪᠣᠯᠭᠠᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠬᠦᠦ ᠶᠢᠨ | ᠨᠣᠷᠮ᠎ᠠ ᠶᠢ ᠵᠦᠢ ᠵᠣᠬᠢᠰᠲᠠᠢ ᠲᠣᠭᠲᠠᠭᠠᠵᠤ᠂ ᠠᠵᠤ ᠠᠬᠤᠶᠢᠯᠠᠯ ᠤᠨ ᠵᠢᠭᠡᠯᠡᠯᠭᠡ ᠶᠢᠨ ᠬᠦᠦ ᠶᠢᠨ ᠨᠣᠷᠮ᠎ᠠ | ᠦᠷᠬᠦᠯᠵᠢᠯᠡᠨ ᠪᠠᠭᠤᠷᠠᠬᠤ ᠶᠢ ᠠᠬᠢᠭᠤᠯᠤᠨ᠎ᠠ᠃ ᠪᠠᠩᠬᠢ ᠶᠢᠨ ᠪᠠᠶᠢᠭᠤᠯᠤᠮᠵᠢ ᠶᠢᠨ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠶᠠᠪᠤᠴᠠ ᠳᠤ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠪᠤᠶᠤ ᠵᠢᠭᠡᠯᠡᠯᠭᠡ ᠪᠠᠨ | ᠳᠠᠭᠠᠯᠳᠤᠭᠤᠯᠤᠨ ᠬᠤᠳᠠᠯᠳᠤᠬᠤ᠂ ᠬᠠᠳᠠᠭᠠᠯᠠᠮᠵᠢ ᠪᠠ ᠵᠢᠭᠡᠯᠡᠯᠭᠡ ᠶᠢ ᠬᠤᠯᠪᠣᠬᠤ ᠵᠡᠷᠭᠡ ᠦᠶᠯᠡ ᠠᠵᠢᠯᠯᠠᠭ᠎ᠠ ᠪᠠᠷ | ᠳᠠᠮᠵᠢᠭᠤᠯᠤᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠬᠡᠯᠪᠡᠷᠢ ᠶᠢ ᠨᠢ | ᠥᠭᠡᠷᠡᠲᠦᠭᠦᠯᠦᠨ ᠳᠡᠭᠡᠭᠰᠢᠯᠡᠭᠦᠯᠬᠦ ᠶᠢ ᠴᠢᠩᠭ᠎ᠠ ᠴᠠᠭᠠᠵᠠᠯᠠᠨ᠎ᠠ᠃ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢ | ᠵᠣᠷᠢᠭᠵᠢᠭᠤᠯᠵᠤ ᠪᠠᠶᠢᠭᠠᠳ ᠠᠵᠤ ᠠᠬᠤᠶᠢᠯᠠᠯ ᠳᠤ ᠪᠠᠷᠢᠴᠠᠭᠠᠯᠠᠵᠤ ︵ᠳᠠᠨᠵᠢᠯᠠᠬᠤ︶ ᠵᠢᠭᠡᠯᠡᠯᠭᠡ ᠣᠯᠭᠤᠬᠤ | ᠶᠠᠪᠤᠴᠠ ᠳᠤ ᠪᠣᠶ ᠪᠣᠯᠤᠭᠰᠠᠨ ᠦᠨᠡᠯᠡᠨ ᠵᠢᠱᠢᠬᠦ ᠵᠠᠷᠤᠳᠠᠯ᠂ ᠳᠠᠩᠰᠠᠯᠠᠬᠤ ᠵᠠᠷᠤᠳᠠᠯ᠂ ᠠᠯᠪᠠᠨ ᠭᠡᠷᠡᠴᠢᠯᠡᠭᠡ ᠶᠢᠨ | ᠵᠠᠷᠤᠳᠠᠯ ᠵᠢᠴᠢ ᠭᠤᠷᠪᠠᠳᠠᠭᠢ ᠡᠲᠡᠭᠡᠳ ᠤᠨ ᠬᠢᠨᠠᠨ ᠬᠠᠮᠢᠶᠠᠷᠬᠤ ᠵᠡᠷᠭᠡ ᠵᠠᠷᠤᠳᠠᠯ ᠢ ᠰᠠᠨᠠᠭᠠᠴᠢᠯᠠᠭ᠎ᠠ ᠠᠴᠠ ᠨᠢ | ᠡᠭᠦᠷᠭᠡᠯᠡᠭᠦᠯᠤᠨᠡ᠂ ᠬᠦᠨᠳᠤ ᠨᠤᠴᠢᠳᠠᠢ ᠬᠢᠵᠢᠭ ᠤᠨ ᠳᠠᠭᠠᠷᠢᠯᠲᠠ ᠳᠤ ᠤᠴᠠᠷᠠᠭᠰᠠᠨ᠂ ᠦᠢᠯᠡᠳᠪᠦᠷᠢᠯᠡᠯ ᠡᠵᠡᠩᠨᠡᠯᠲᠡ | ᠨᠢ ᠬᠦᠴᠢᠷᠳᠡᠯ ᠲᠠᠢ ᠠᠵᠤ ᠠᠬᠤᠶᠢᠯᠠᠯ ᠤᠨ ᠦᠢᠯᠡᠴᠢᠯᠡᠭᠡᠨ ᠤ ᠰᠦᠢᠳᠬᠡᠯ ᠪᠠ ᠵᠢᠭᠡᠯᠡᠯᠭᠡ ᠶᠢᠨ ᠬᠦᠦ ᠮᠥᠩᠭᠦ ᠶᠢ | ᠰᠠᠨᠠᠭᠠᠴᠢᠯᠠᠭ᠎ᠠ ᠠᠴᠠ ᠪᠠᠨ ᠬᠠᠰᠤᠵᠤ ᠬᠡᠯᠲᠦᠷᠢᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠷᠠᠳ ᠤᠨ | ᠪᠠᠩᠬᠢ ᠶᠢᠨ ᠵᠠᠷᠤᠳ ᠬᠤᠰᠢᠭᠤᠨ ᠤ ᠰᠠᠯᠪᠤᠷᠢ ᠪᠠᠩᠬᠢ︔ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ | ᠵᠢᠯ ᠤᠨ ᠡᠴᠦᠰ᠂ ᠦᠷᠭᠦᠯᠵᠢᠯᠡᠨ ᠠᠬᠢᠭᠤᠯᠤᠨ᠎ᠠ᠃︶ | 9. ᠮᠥᠩᠭᠦᠨ ᠭᠦᠢᠯᠭᠡᠭᠡᠨ ᠤ ᠦᠢᠯᠡᠳᠬᠦᠨ᠂ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠴᠠᠲᠠᠢ | ᠤᠬᠠᠭᠤᠯᠭ᠎ᠠ ᠶᠢ ᠥᠷᠨᠢᠭᠦᠯᠦᠨ᠎ᠡ᠃ ᠮᠥᠩᠭᠦᠨ ᠭᠦᠢᠯᠭᠡᠭᠡᠨ ᠤ ᠦᠢᠯᠡᠳᠬᠦᠨ ᠤ ᠲᠥᠷᠥ ᠶᠢᠨ ᠪᠣᠳᠣᠯᠭ᠎ᠠ ᠶᠢᠨ | ᠬᠥᠮᠥᠷᠭᠡ ᠪᠠ ᠠᠵᠤ ᠠᠬᠤᠶᠢᠯᠠᠯ ᠤᠨ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠬᠥᠮᠥᠷᠭᠡ ᠶᠢ ᠦᠷᠭᠦᠯᠵᠢᠯᠡᠨ | ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠨ ᠲᠡᠭᠦᠯᠳᠡᠷᠵᠢᠭᠦᠯᠬᠦ ᠶᠢᠨ ᠬᠠᠮᠲᠤ᠂ ᠠᠯᠪᠠᠨ ᠤ ᠰᠦᠯᠵᠢᠶ᠎ᠡ᠂ ᠸᠢᠴᠠᠲ | ᠨᠡᠶᠢᠲᠡ ᠶᠢᠨ ᠳ᠋ᠤᠭᠠᠷ᠂ ᠲᠧᠯᠸᠢᠰ ᠰᠣᠨᠢᠨ ᠵᠡᠷᠭᠡ ᠲᠠᠪᠴᠠᠩ ᠤᠨ ᠠᠷᠭ᠎ᠠ ᠵᠠᠮ ᠢᠶᠠᠷ ᠠᠵᠤ ᠠᠬᠤᠶᠢᠯᠠᠯ᠂ ᠪᠠᠩᠬᠢ ᠶᠢᠨ | ᠪᠠᠶᠢᠭᠤᠯᠤᠮᠵᠢ ᠳᠤ ᠬᠠᠨᠳᠤᠯᠠᠭ᠎ᠠ ᠲᠠᠢ ᠪᠠᠷ ᠲᠠᠨᠢᠯᠴᠠᠭᠤᠯᠵᠤ᠂ ᠮᠥᠩᠭᠦᠨ ᠭᠦᠢᠯᠭᠡᠭᠡᠨ ᠤ ᠦᠢᠯᠡᠳᠬᠦᠨ᠂ ᠲᠥᠷᠥ ᠶᠢᠨ | ᠪᠣᠳᠣᠯᠭ᠎ᠠ ᠶᠢ ᠨᠠᠷᠢᠯᠢᠭ ᠣᠨᠣᠴᠠᠲᠠᠢ ᠵᠣᠯᠭᠠᠭᠤᠯᠬᠤ ᠪᠠ ᠤᠬᠠᠭᠤᠯᠬᠤ ᠶᠢ ᠪᠡᠶᠡᠯᠡᠭᠦᠯᠦᠨ᠎ᠡ᠃ ︵ᠲᠦᠷᠦᠭᠦᠯᠡᠬᠦ | ᠰᠠᠯᠠᠭ᠎ᠠ ᠮᠥᠴᠢᠷ᠄ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ︔ ᠬᠠᠮᠵᠢᠯᠴᠠᠬᠤ ᠰᠠᠯᠠᠭ᠎ᠠ | ᠮᠥᠴᠢᠷ᠄ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠭ᠎ᠠ ᠶᠢᠨ | ᠦᠢᠯᠡᠴᠢᠯᠡᠭᠡᠨ ᠤ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ ᠡᠴᠦᠰ᠂ | ᠦᠷᠭᠦᠯᠵᠢᠯᠡᠨ ᠠᠬᠢᠭᠤᠯᠤᠨ᠎ᠠ᠃︶ | ︵ᠳᠥᠷᠪᠡ︶ ᠠᠵᠤ ᠠᠬᠤᠶᠢᠯᠠᠯ ᠢ ᠪᠤᠶᠢᠵᠢᠭᠤᠯᠤᠨ ᠵᠠᠬ᠎ᠠ ᠳᠡᠯᠭᠡᠭᠦᠷ ᠲᠤ ᠭᠠᠷᠬᠤ ᠵᠢᠯᠣᠭᠤᠳᠤᠯᠭ᠎ᠠ ᠪᠠᠨ | ᠴᠢᠩᠭᠠᠷᠠᠭᠤᠯᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ | 10. ᠠᠵᠤ ᠠᠬᠤᠶᠢᠯᠠᠯ ᠢ ᠪᠤᠶᠢᠵᠢᠭᠤᠯᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠬᠦᠬᠦ ᠡᠷᠴᠢᠮ ᠢᠶᠠᠨ | ᠴᠢᠩᠭᠠᠷᠠᠭᠤᠯᠤᠨ᠎ᠠ᠃ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠠᠵᠤ ᠠᠬᠤᠶᠢᠯᠠᠯ ᠤᠨ ᠪᠡᠯᠡᠳᠬᠡᠯ ᠲᠥᠷᠥᠯ | ᠵᠦᠢᠯ ᠤᠨ ᠬᠥᠮᠥᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠲᠦᠩᠯᠢᠶᠣᠣ ᠬᠤᠲᠠ ᠶᠢᠨ ︿ᠰᠢᠨᠵᠢᠯᠡᠭᠡ | ᠮᠡᠷᠭᠡᠵᠢᠯ ᠢᠶᠠᠷ ᠦᠪᠤᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ︾ ︵ᠲᠦᠩᠯᠢᠶᠤᠤ ᠵᠠᠰᠠᠭ ᠲᠠᠷᠬᠠᠭᠠᠭᠰᠠᠨ ﹇2021﹈ 91 ᠳ᠋ᠤᠭᠡᠷ ᠲᠤᠭᠠᠳᠤ︶ ᠵᠢᠴᠢ ︽ | ᠲᠦᠩᠯᠢᠶᠣᠣ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠨᠤᠭᠤᠳ︾ ︵ᠲᠦᠩᠯᠢᠶᠣᠣ ᠨᠠᠮ ᠦᠰᠤᠭ᠍ᠳᠤ ﹇2018﹈ 28 ᠳ᠋ᠤᠭᠠᠷ ᠲᠣᠭᠠᠲᠤ︶ ᠬᠠᠮᠢᠶ᠎ᠠ ᠪᠦᠬᠦᠢ | ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠢᠳᠡᠪᠬᠢᠵᠢᠯ ᠢ | ᠳᠠᠶᠢᠴᠢᠯᠠᠨ᠂ ᠱᠠᠲᠤ ᠬᠤᠪᠢᠶᠠᠨ ᠠᠵᠤ ᠠᠬᠤᠶᠢᠯᠠᠯ ᠢ ᠪᠤᠶᠢᠵᠢᠭᠤᠯᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠨ | ᠪᠡᠯᠡ ᠲᠣᠬᠢᠷᠠᠭᠤᠯᠬᠤ ᠶᠢ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤᠨ ᠤ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠲᠥᠪ᠂ ᠬᠠᠮᠵᠢᠯᠴᠠᠬᠤ ᠰᠠᠯᠠᠭ᠎ᠠ ᠮᠥᠴᠢᠷ᠄ ᠬᠠᠮᠢᠶ᠎ᠠ ᠪᠦᠬᠦᠢ ᠠᠵᠤ ᠠᠬᠤᠶᠢᠯᠠᠯ᠃ | ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ ᠡᠴᠦᠰ᠂ ᠦᠷᠭᠦᠯᠵᠢᠯᠡᠨ ᠠᠬᠢᠭᠤᠯᠤᠨ᠎ᠠ᠃︶ | ︵ᠲᠠᠪᠤ︶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠮᠥᠩᠭᠦᠨ | ᠭᠦᠢᠯᠭᠡᠭᠡᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ | 11. ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ ᠰᠢᠭᠦᠬᠦ ᠲᠢᠩᠬᠢᠮ ᠤᠨ ᠵᠢᠩᠬᠢᠨᠢ ᠪᠠᠷ ᠫᠠᠶᠢᠰᠠ ᠡᠯᠭᠦᠨ | ᠠᠵᠢᠯᠯᠠᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠤ | ᠵᠠᠷᠭᠤ᠂ ᠬᠥᠨᠳᠡᠯᠡᠨ ᠠᠴᠠ ᠲᠠᠰᠤᠯᠬᠤ᠂ ᠠᠷᠠᠳ ᠤᠨ ᠡᠶᠡᠳᠡᠭᠦᠯᠭᠡ ︽ᠭᠤᠷᠪᠠ ᠶᠢ ᠨᠢᠭᠡ ᠴᠣᠭᠴᠠᠵᠢᠭᠤᠯᠬᠤ︾ | ᠠᠵᠢᠯᠯᠠᠭᠠᠨ ᠤ ᠵᠠᠭᠪᠤᠷ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠥᠨᠳᠥᠷ | ᠪᠦᠲᠦᠮᠵᠢᠲᠡᠶ ᠪᠠᠷ ᠠᠷᠢᠯᠭᠠᠵᠤ᠂ ᠮᠥᠩᠭᠦᠨ ᠭᠦᠢᠯᠭᠡᠭᠡᠨ ᠤ ᠲᠣᠭᠲᠠᠭᠤᠨ ᠪᠥᠭᠡᠳ ᠰᠠᠶᠢᠨ ᠰᠠᠶᠢᠬᠠᠨ ᠣᠷᠴᠢᠨ | ᠨᠥᠬᠦᠴᠡᠯ ᠢ ᠬᠠᠮᠠᠭᠠᠯᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤ ᠨᠠᠮ ᠤᠨ ᠬᠤᠷᠢᠶ᠎ᠠ ᠶᠢᠨ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ︔ | ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠰᠢᠭᠦᠬᠦ ᠬᠤᠷᠢᠶ᠎ᠠ᠂ ᠠᠷᠠᠳ ᠤᠨ ᠪᠠᠩᠬᠢ ᠶᠢᠨ ᠵᠠᠷᠤᠳ | ᠬᠤᠰᠢᠭᠤᠨ ᠤ ᠰᠠᠯᠪᠤᠷᠢ ᠪᠠᠩᠬᠢ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ ᠡᠴᠦᠰ᠂ | ᠦᠷᠭᠦᠯᠵᠢᠯᠡᠨ ᠠᠬᠢᠭᠤᠯᠤᠨ᠎ᠠ᠃︶ | 12. ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠦᠨᠡᠨᠴᠢ ᠢᠲᠡᠭᠡᠮᠵᠢ ᠶᠢᠨ | ᠰᠣᠶᠣᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠡᠯ᠎ᠡ ᠱᠠᠲᠤᠨ ᠤ ᠺᠠᠳ᠋ᠷ ᠪᠣᠯᠣᠨ ᠮᠠᠯᠴᠢᠨ ᠲᠠᠷᠢᠶᠠᠴᠢᠨ ᠢ | ᠬᠥᠮᠥᠵᠢᠭᠦᠯᠦᠨ ᠦᠨᠡᠨᠴᠢ ᠢᠲᠡᠭᠡᠮᠵᠢ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠲᠠᠢ ᠪᠤᠯᠭᠠᠨ᠎ᠠ︔ ︽ | ᠢᠳᠡᠭᠡᠮᠵᠢᠳᠤ ᠬᠡᠷᠡᠭᠯᠡᠭᠴᠢ︾᠂ ︽ᠢᠳᠡᠭᠡᠮᠵᠢᠳᠤ ᠲᠣᠰᠬᠤᠨ︾ ᠢ ᠦᠨᠡᠯᠡᠨ ᠲᠣᠭᠲᠠᠭᠠᠬᠤ ᠠᠵᠢᠯ ᠢ ᠦᠷᠭᠦᠯᠵᠢᠯᠡᠨ | ᠠᠬᠢᠭᠤᠯᠵᠤ᠂ ᠪᠠᠩᠬᠢ ᠶᠢᠨ ᠪᠠᠶᠢᠭᠤᠯᠤᠮᠵᠢ ᠶᠢᠨ ᠮᠠᠯᠴᠢᠨ ᠲᠠᠷᠢᠶᠠᠴᠢᠨ ᠡᠷᠦᠬᠡ ᠶᠢᠨ ᠵᠢᠭᠡᠯᠡᠯᠭᠡ ᠶᠢ ︽ᠪᠥᠬᠦ | ᠲᠣᠰᠬᠤᠨ ᠢᠶᠠᠷ ᠨᠢ ᠠᠬᠢᠭᠤᠯᠵᠤ᠂ ᠲᠥᠪᠯᠡᠷᠡᠭᠦᠯᠦᠨ ᠢᠲᠡᠭᠡᠮᠵᠢ ᠣᠯᠭᠤᠬᠤ︾ ᠠᠵᠢᠯ ᠢ ᠦᠷᠭᠦᠯᠵᠢᠯᠡᠨ | ᠥᠷᠨᠢᠭᠦᠯᠬᠦ ᠶᠢ ᠠᠬᠢᠭᠤᠯᠵᠤ᠂ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠤᠨ᠎ᠠ᠃ ︵ | ᠲᠦᠷᠦᠭᠦᠯᠡᠬᠦ ᠰᠠᠯᠠᠭ᠎ᠠ ᠮᠥᠴᠢᠷ᠄ ᠠᠷᠠᠳ ᠤᠨ ᠪᠠᠩᠬᠢ ᠶᠢᠨ ᠵᠠᠷᠤᠳ ᠬᠤᠰᠢᠭᠤᠨ ᠤ ᠰᠠᠯᠪᠤᠷᠢ ᠪᠠᠩᠬᠢ︔ | ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ ᠪᠠᠩᠬᠢ ᠶᠢᠨ | ᠦᠢᠯᠡᠰ ᠮᠥᠩᠭᠦᠨ ᠭᠦᠢᠯᠭᠡᠭᠡᠨ ᠤ ᠪᠠᠶᠢᠭᠤᠯᠤᠮᠵᠢ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ | ᠵᠢᠯ ᠤᠨ ᠡᠴᠦᠰ᠂ ᠦᠷᠭᠦᠯᠵᠢᠯᠡᠨ ᠠᠬᠢᠭᠤᠯᠤᠨ᠎ᠠ᠃︶ | 13. ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ︽ᠲᠦᠩᠯᠢᠶᠣᠣ | ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠪᠠᠩᠬᠢ ᠶᠢᠨ ᠦᠢᠯᠡᠰ ᠤᠨ ᠡᠷᠡᠭᠦᠯ | ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠲᠤᠰᠬᠠᠢ ᠠᠵᠢᠯᠯᠠᠭᠠᠨ ᠤ ᠲᠥᠰᠥᠯ︾ ᠢ | ᠨᠠᠶᠢᠳᠠᠪᠤᠷᠢᠵᠢᠭᠤᠯᠵᠤ᠂ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢ ᠪᠥᠬᠦ | ᠲᠠᠯ᠎ᠠ ᠪᠠᠷ ᠢᠯᠭᠠᠷᠠᠭᠤᠯᠤᠨ ᠬᠤᠷᠢᠶᠠᠵᠤ ᠰᠢᠢᠳᠪᠦᠷᠢᠯᠡᠨ᠂ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ ᠶᠢ ᠠᠯᠬᠤᠮ | ᠠᠯᠬᠤᠮ ᠢᠶᠠᠷ ᠪᠠᠭᠠᠰᠬᠠᠬᠤ ᠶᠢ ᠠᠬᠢᠭᠤᠯᠤᠨ᠎ᠠ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠬᠦᠷᠢᠶᠡᠨ ᠳᠠᠬᠢ | ᠲᠤᠰᠬᠠᠢ ᠴᠡᠭᠴᠡᠯᠡᠨ ᠵᠠᠰᠠᠯᠲᠠ ᠶᠢ ᠠᠬᠢᠭᠤᠯᠵᠤ᠂ ᠮᠠᠨ ᠤ ᠬᠤᠰᠢᠭᠤᠨ ᠤ ᠮᠥᠩᠭᠦᠨ ᠭᠦᠢᠯᠭᠡᠭᠡᠨ ᠤ ᠠᠮᠢ ᠠᠬᠤᠢ ᠶᠢ | ᠴᠡᠪᠡᠷᠰᠢᠭᠦᠯᠤᠨᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠰᠢᠭᠤ ᠨᠠᠮ ᠤᠨ ᠬᠤᠷᠢᠶ᠎ᠠ ᠶᠢᠨ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ ᠠᠷᠠᠳ ᠤᠨ | ᠪᠠᠩᠬᠢ ᠶᠢᠨ ᠵᠠᠷᠤᠳ ᠬᠤᠰᠢᠭᠤᠨ ᠤ ᠰᠠᠯᠪᠤᠷᠢ ᠪᠠᠩᠬᠢ︔ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠬᠠᠮᠢᠶ᠎ᠠ ᠪᠦᠬᠦᠢ | ᠰᠠᠯᠠᠭ᠎ᠠ ᠮᠥᠴᠢᠷ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ᠃ ᠪᠡᠶᠡᠯᠡᠭᠦᠯᠬᠦ ᠴᠠᠭ ᠤᠨ ᠬᠢᠵᠠᠭᠠᠷ ᠨᠢ᠄ | 2022 ᠣᠨ ᠤ ᠵᠢᠯ ᠤᠨ ᠡᠴᠦᠰ᠂ ᠦᠷᠭᠦᠯᠵᠢᠯᠡᠨ ᠠᠬᠢᠭᠤᠯᠤᠨ᠎ᠠ᠃︶ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ | ᠠᠵᠢᠯ ᠤᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠠᠵᠢᠯ ᠳᠤ ᠲᠣᠭᠲᠠᠮᠠᠯ | ᠬᠤᠭᠤᠴᠠᠭ᠎ᠠ ᠲᠠᠢ ᠪᠠᠷ ᠵᠥᠪᠳᠡᠯᠴᠡᠬᠦ ᠪᠠ ᠰᠤᠳᠤᠯᠤᠯᠲᠠ ᠬᠢᠵᠦ᠂ ᠬᠤᠯᠪᠤᠭᠳᠠᠯ ᠪᠦᠬᠦᠢ ᠠᠵᠢᠯ ᠢ ᠠᠬᠢᠭᠤᠯᠤᠨ᠎ᠠ᠂ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠵᠢᠯᠣᠭᠤᠳᠤᠨ ᠠᠬᠢᠭᠤᠯᠵᠤ᠂ | ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠦᠨ ᠪᠣᠳᠠᠲᠤ ᠴᠣᠭᠴᠠ ᠶᠢᠨ ᠠᠵᠤ | ᠠᠬᠤᠢ ᠳᠤ ᠦᠢᠯᠡᠴᠢᠯᠡᠬᠦ ᠰᠢᠪᠲᠤᠯᠤᠯᠲᠠ ᠶᠢᠨ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ | | ︵ᠬᠤᠶᠠᠷ︶ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠪᠠ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ᠂ ᠮᠥᠩᠭᠦᠨ ᠭᠦᠢᠯᠭᠡᠭᠡᠨ ᠤ ᠠᠵᠤ ᠠᠬᠤᠢ ᠳᠤ ᠤᠶᠢᠯᠡᠴᠢᠯᠡᠬᠦ ᠲᠡᠮᠵᠢᠬᠦ ᠡᠷᠴᠢᠮ ᠢᠶᠠᠨ | ᠴᠢᠩᠭᠠᠷᠠᠭᠤᠯᠬᠤ ᠤᠯᠤᠰ ᠲᠥᠷᠥ ᠶᠢᠨ ᠠᠴᠢ ᠬᠤᠯᠪᠣᠭᠳᠠᠯ ᠪᠠ ᠪᠣᠳᠠᠲᠤ ᠠᠴᠢ ᠬᠤᠯᠪᠣᠭᠳᠠᠯ ᠢ ᠭᠦᠢᠴᠡᠳ ᠲᠠᠨᠢᠵᠤ᠂ | ᠤᠯᠤᠰ ᠲᠥᠷᠥ ᠶᠢᠨ ᠤᠬᠠᠮᠰᠠᠷ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ | ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ | ᠠᠬᠤᠢ ᠳᠤ ᠦᠢᠯᠡᠴᠢᠯᠡᠬᠦ ᠭᠤᠣᠯ ᠨᠢᠭᠡᠴᠡ ᠮᠥᠨ᠂ ᠡᠵᠡᠨ ᠬᠥᠮᠥᠨ ᠤ ᠤᠬᠠᠮᠰᠠᠷ ᠢᠶᠠᠨ ᠴᠢᠩᠭᠠᠳᠬᠠᠵᠤ᠂ ᠵᠠᠰᠠᠭ ᠤᠨ | ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠵᠤ ᠠᠬᠤᠶᠢᠯᠠᠯ ᠯᠤᠭ᠎ᠠ ᠶᠢᠨ ᠡᠭᠡᠯᠢ ᠲᠠᠢ ᠦᠢᠯᠡᠳᠦᠯᠴᠡᠯ ᠢᠶᠠᠨ | ᠴᠢᠩᠭᠠᠳᠬᠠᠵᠤ᠂ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠭᠤᠣᠯᠳᠠᠯᠭ᠎ᠠ ᠲᠠᠢ ᠲᠥᠷᠥᠯ ᠵᠦᠢᠯ᠂ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ | ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ | ︵ᠭᠤᠷᠪᠠ︶ ᠢᠳᠡᠪᠬᠢᠲᠡᠢ ᠪᠠᠷ ᠰᠢᠮᠳᠠᠭᠤᠯᠤᠨ ᠵᠢᠯᠤᠭᠤᠳᠴᠤ ᠨᠠᠶᠢᠳᠠᠪᠤᠷᠢᠵᠢᠭᠤᠯᠤᠨ᠎ᠠ᠃ ᠬᠤᠰᠢᠭᠤᠨ ᠤ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ ᠠᠷᠠᠳ ᠤᠨ ᠪᠠᠩᠬᠢ ᠶᠢᠨ ᠵᠠᠷᠤᠳ ᠬᠤᠰᠢᠭᠤᠨ ᠤ ᠰᠠᠯᠪᠤᠷᠢ | ᠪᠠᠩᠬᠢ ᠶᠢᠨ ᠬᠢᠨ ᠪᠤᠭᠤᠮᠳᠠ ᠰᠢᠪᠳᠤᠯᠬᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠤᠯᠠᠷᠢᠯ ᠢᠶᠠᠷ | ᠲᠣᠬᠢᠷᠠᠭᠤᠯᠤᠨ᠂ ᠣᠷᠣᠰᠢᠵᠤ ᠪᠠᠶᠢᠭ᠎ᠠ ᠠᠰᠠᠭᠤᠳᠠᠯ᠂ ᠲᠤᠯᠭᠠᠷᠠᠵᠤ ᠪᠠᠶᠢᠭ᠎ᠠ ᠬᠦᠴᠢᠷᠳᠡᠯ ᠳᠤ ᠪᠠᠨ ᠵᠠᠳᠠᠯᠤᠯᠲᠠ | ᠬᠢᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠰᠤᠳᠤᠯᠤᠨ᠂ ᠪᠡᠷᠬᠡ ᠲᠦᠪᠡᠭᠳᠠᠢ ᠠᠰᠠᠭᠤᠳᠠᠯ ᠢ ᠰᠢᠢᠳᠪᠦᠷᠢᠯᠡᠨ᠎ᠡ᠃ | ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠭᠡᠯᠭᠡᠬᠦ ᠶᠢ ᠥᠷᠨᠢᠭᠦᠯᠵᠦ᠂ | ᠠᠬᠢᠴᠠ ᠨᠢ ᠤᠳᠠᠭᠠᠨ᠂ ᠠᠵᠢᠯ ᠨᠢ ᠬᠦᠴᠦᠨ ᠦᠭᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠤᠯᠢ | ᠲᠣᠭᠲᠠᠭᠠᠯ ᠶᠣᠰᠣᠭᠠᠷ ᠪᠣᠯᠵᠣᠨ ᠶᠠᠷᠢᠯᠴᠠᠬᠤ ᠵᠡᠷᠭᠡ ᠠᠷᠭ᠎ᠠ ᠬᠡᠮᠵᠢᠶ᠎ᠡ ᠠᠪᠴᠤ᠂ ᠲᠡᠳᠡᠨ ᠤ ᠠᠵᠢᠯ ᠤᠨ ᠡᠭᠦᠷᠭᠡ ᠪᠠᠨ | ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠶᠢ ᠰᠢᠮᠳᠠᠭᠤᠯᠤᠨ ᠵᠢᠯᠣᠭᠤᠳᠤᠨ᠎ᠠ᠃ |