| 2022 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ | ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ | ᠬᠥᠮᠦᠵᠢᠯ ᠤᠨ ᠬᠢᠨᠠᠨ ᠵᠢᠯᠤᠭᠤᠳᠬᠤ ᠠᠯᠪᠠᠨ ᠭᠡᠷ ᠤᠨ ᠪᠠᠭᠤᠯᠭᠠᠭᠰᠠᠨ ︽2022 ᠣᠨ ᠤ ᠤᠯᠤᠰ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ | ︵ᠲᠥᠷᠥ ᠶᠢᠨ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠯᠪᠠᠨ ᠭᠡᠷ ᠤᠨ ᠵᠠᠬᠢᠳᠠᠯ ﹇2022﹈ 8 ᠳ᠋ᠤᠭᠠᠷ | ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2022 ᠣᠨ ᠳᠤ ᠪᠥᠬᠦ ᠤᠯᠤᠰ ᠤᠨ ᠬᠡᠪᠴᠢᠶᠡᠨ ᠳᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠥᠷᠪᠡᠳᠦᠭᠡᠷ᠂ ᠨᠠᠢᠮᠠᠳᠤᠭᠠᠷ ᠣᠨ ᠤ ᠬᠡᠯᠡ ᠪᠢᠴᠢᠭ᠂ ᠳᠠᠭᠤᠤ | ᠬᠥᠭᠵᠢᠮ᠂ ᠤᠷᠠᠨ ᠵᠢᠷᠤᠭ᠂ ᠠᠩᠭ᠍ᠯᠢ ᠬᠡᠯᠡ ᠪᠠ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠳᠤ ᠬᠢᠨᠠᠨ | ᠰᠢᠯᠭᠠᠬᠤ ᠠᠵᠢᠯ ᠦᠷᠨᠢᠭᠦᠯᠬᠦ ᠪᠠᠷ ᠪᠣᠯᠪᠠ᠃ ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠶᠠᠰᠤ ᠴᠢᠨᠠᠷ ᠢ ᠬᠢᠨᠠᠨ ᠰᠢᠯᠭᠠᠬᠤ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠵᠠᠷᠤᠳ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠳᠠᠮᠵᠢᠨ᠂ ︽ᠵᠠᠷᠤᠳ ᠬᠤᠰᠢᠭᠤᠨ ᠤ | 2022 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ | ᠠᠵᠢᠯ ᠤᠨ ᠬᠡᠷᠡᠭᠵᠢᠭᠦᠯᠬᠦ ᠲᠥᠰᠥᠯ︾ ᠤᠨ ᠮᠡᠳᠡᠭᠳᠡᠯ ︵ᠵᠠᠷᠣᠳ ᠵᠠᠰᠠᠭ ᠠᠯᠪᠠᠨ ᠥᠰᠥᠭ ﹇2022﹈ 14 ᠳ᠋ᠦ᠋ᠭᠡᠷ | ᠲᠣᠭᠠᠲᠤ︶ ᠢ 4 ᠰᠠᠷ᠎ᠠ ᠶᠢᠨ 20 ᠤ ᠡᠳᠦᠷ ᠳᠠᠷᠤᠮᠠᠯᠯᠠᠨ ᠲᠠᠷᠬᠠᠭᠠᠵᠤ᠂ ᠮᠠᠨ ᠤ ᠬᠤᠰᠢᠭᠤᠨ ᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠠᠵᠢᠯ ᠳᠤ ᠦᠨᠳᠦᠰᠦᠨ ᠵᠢᠷᠤᠮᠯᠠᠯ ᠬᠠᠩᠭᠠᠪᠠ᠃ | ᠨᠢᠭᠡ᠂ ︽ᠮᠡᠳᠡᠭᠳᠡᠯ︾ ᠤᠨ ᠴᠢᠬᠤᠯᠠ ᠴᠢᠨᠠᠷ | ᠮᠠᠨ ᠤ ᠬᠤᠰᠢᠭᠤᠨ ᠤ 2022 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ | ᠴᠢᠨᠠᠷ ᠢ ᠬᠢᠨᠠᠨ ᠰᠢᠯᠭᠠᠬᠤ ᠠᠵᠢᠯ ᠤᠨ ᠠᠮᠤᠷ ᠲᠦᠪᠰᠢᠨ᠂ ᠡᠮᠬᠢ ᠵᠢᠷᠤᠮ ᠲᠠᠢ᠂ ᠵᠢᠷᠤᠮᠵᠢᠯ ᠲᠠᠢ ᠶᠠᠪᠤᠭᠳᠠᠬᠤ ᠶᠢ | ᠪᠠᠲᠤᠯᠠᠬᠤ ᠶᠢᠨ ᠲᠤᠰᠠᠳᠠ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠪᠣᠳᠠᠲᠠᠢ ᠪᠠᠶᠢᠳᠠᠯ ᠢ ᠦᠨᠳᠦᠰᠦᠯᠡᠨ᠂ | ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠬᠤᠶᠠᠷ᠂ ︽ᠮᠡᠳᠡᠭᠳᠡᠯ︾ ᠢ ᠲᠤᠭᠤᠷᠪᠢᠭᠰᠠᠨ ᠶᠠᠪᠤᠴᠠ | ︽ᠮᠡᠳᠡᠭᠳᠡᠯ︾ ᠢ ᠲᠤᠭᠤᠷᠪᠢᠨ ᠪᠢᠴᠢᠬᠦ ᠶᠠᠪᠤᠴᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ | ᠬᠥᠮᠦᠵᠢᠯ ᠤᠨ ᠬᠢᠨᠠᠨ ᠵᠢᠯᠤᠭᠤᠳᠬᠤ ᠠᠯᠪᠠᠨ ᠭᠡᠷ ᠤᠨ ︽2022 ᠣᠨ ᠤ ᠤᠯᠤᠰ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ | ᠲᠥᠷᠥ ᠶᠢᠨ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠯᠪᠠᠨ ᠭᠡᠷ ᠤᠨ ᠵᠠᠬᠢᠳᠠᠯ ﹇2022﹈ 8 ᠳ᠋ᠤᠭᠠᠷ | ᠲᠣᠭᠠᠲᠤ︶ ᠪᠣᠯᠣᠨ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠬᠠᠮᠢᠶ᠎ᠠ ᠪᠦᠬᠦᠢ ᠮᠡᠳᠡᠭᠳᠡᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠣᠯᠴᠠᠵᠤ᠂ ᠵᠢᠴᠢ ᠥᠯᠢᠭᠡᠷ ᠬᠡᠪᠲᠦ ᠰᠤᠷᠭᠠᠭᠤᠯᠢ ᠵᠢᠴᠢ ᠬᠠᠮᠢᠶ᠎ᠠ ᠪᠦᠬᠦᠢ | ᠬᠥᠮᠥᠰ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠮᠠᠨ ᠤ ᠬᠤᠰᠢᠭᠤᠨ ᠤ 2022 ᠣᠨ ᠤ ᠤᠯᠤᠰ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠠᠵᠢᠯ ᠤᠨ ᠬᠡᠷᠡᠭᠵᠢᠭᠦᠯᠬᠦ ᠲᠥᠰᠥᠯ ᠢ | ᠲᠣᠭᠲᠠᠭᠠᠪᠠ᠃ | ᠭᠤᠷᠪᠠ᠂ ︽ᠮᠡᠳᠡᠭᠳᠡᠯ︾ ᠤᠨ ᠭᠤᠣᠯ ᠠᠭᠤᠯᠭ᠎ᠠ ᠵᠢᠴᠢ ᠬᠤᠯᠪᠣᠭᠳᠠᠯ ᠪᠦᠬᠦᠢ ᠲᠣᠳᠣᠷᠬᠠᠶᠢᠯᠠᠯᠲᠠ | ︽ᠵᠠᠷᠤᠳ ᠬᠤᠰᠢᠭᠤᠨ ᠤ 2022 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ | ᠴᠢᠨᠠᠷ ᠢ ᠬᠢᠨᠠᠨ ᠰᠢᠯᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠨᠢ ᠨᠠᠢᠮᠠᠨ ᠬᠡᠰᠡᠭ ᠢᠶᠠᠷ ᠪᠦᠷᠢᠯᠳᠦᠪᠡ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠰᠢᠯᠭᠠᠬᠤ ᠠᠵᠢᠯ ᠤᠨ ᠬᠠᠷᠠᠯᠲᠠ᠂ ᠠᠵᠢᠯ ᠤᠨ | ᠱᠠᠭᠠᠷᠳᠠᠯᠭ᠎ᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠠᠵᠢᠯ ᠤᠨ ᠡᠭᠦᠷᠭᠡ᠂ ᠠᠵᠢᠯᠯᠠᠬᠤ ᠴᠠᠭ | ᠵᠠᠩᠭᠢᠯᠠᠭ᠎ᠠ ᠶᠢᠨ ᠴᠡᠭ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ᠂ ᠪᠠᠲᠤᠯᠠᠭ᠎ᠠ ᠶᠢᠨ ᠠᠵᠢᠯ ᠵᠡᠷᠭᠡ ᠳᠤ | ᠲᠣᠳᠣᠷᠬᠠᠶᠢᠯᠠᠯᠲᠠ ᠬᠢᠪᠡ᠂ ᠭᠤᠣᠯ ᠠᠭᠤᠯᠭ᠎ᠠ ᠨᠢ ᠳᠠᠷᠠᠭᠠᠬᠢ ᠮᠡᠲᠦ᠄ | ︵ᠨᠢᠭᠡ︶ ᠠᠵᠢᠯ ᠤᠨ ᠬᠠᠷᠠᠯᠲᠠ | ︵ᠬᠤᠶᠠᠷ︶ ᠠᠵᠢᠯ ᠤᠨ ᠱᠠᠭᠠᠷᠳᠠᠯᠭ᠎ᠠ | ᠬᠢᠨᠠᠨ ᠰᠢᠯᠭᠠᠭᠰᠠᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠨᠠᠶᠢᠳᠠᠪᠤᠷᠢᠲᠠᠢ ᠪᠠᠶᠢᠬᠤ ᠶᠢ ᠪᠠᠲᠣᠯᠠᠨ᠎ᠠ | ᠬᠢᠨᠠᠨ ᠰᠢᠯᠭᠠᠬᠤ ᠪᠠᠭᠠᠵᠢ ᠬᠡᠷᠡᠭᠰᠡᠯ ᠢᠶᠠᠨ ᠴᠢᠩᠭ᠎ᠠ ᠨᠢᠮᠪᠡᠢ ᠬᠠᠮᠠᠭᠠᠯᠠᠨ ᠬᠠᠳᠠᠭᠠᠯᠠᠨ᠎ᠠ | ᠰᠢᠯᠭᠠᠯᠲᠠ ᠶᠢᠨ ᠠᠯᠬᠤᠮ ᠳᠠᠷᠠᠭ᠎ᠠ ᠪᠠ ᠳᠦᠷᠢᠮ ᠢ ᠴᠢᠩᠭ᠎ᠠ ᠵᠢᠷᠤᠮᠯᠠᠨ ᠠᠵᠢᠯᠯᠠᠨ᠎ᠠ | ᠬᠡᠪ ᠤᠨ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠪᠠᠲᠣᠯᠠᠨ᠎ᠠ | ᠤᠬᠠᠭᠤᠯᠭ᠎ᠠ ᠪᠠᠨ ᠴᠢᠩᠭᠠᠳᠬᠠᠨ᠎ᠠ | ︵ᠭᠤᠷᠪᠠ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ︵ᠳᠥᠷᠪᠡ︶ 2022 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ | ᠬᠢᠨᠠᠨ ᠰᠢᠯᠭᠠᠬᠤ ᠠᠭᠤᠯᠭ᠎ᠠ᠂ ᠡᠲᠡᠭᠡᠳ᠂ ᠦᠯᠢᠭᠡᠷ ᠬᠡᠪ ᠠᠪᠬᠤ ᠨᠢᠭᠡᠴᠢ᠂ ᠬᠢᠨᠠᠨ ᠰᠢᠯᠭᠠᠬᠤ ᠪᠠᠭᠠᠵᠢ ᠬᠡᠷᠡᠭᠰᠡᠯ | ᠵᠢᠴᠢ ᠬᠡᠮᠵᠢᠨ ᠲᠤᠷᠰᠢᠬᠤ ᠴᠠᠭ | ︵ᠲᠠᠪᠤ︶ ᠠᠵᠢᠯ ᠤᠨ ᠡᠭᠦᠷᠭᠡ | ︵ᠵᠢᠷᠭᠤᠭ᠎ᠠ︶ ᠪᠣᠳᠠᠲᠠᠢ ᠠᠵᠢᠯᠯᠠᠬᠤ ᠴᠠᠭ ᠵᠠᠩᠭᠢᠯᠠᠭ᠎ᠠ ᠴᠡᠭ ᠬᠢᠭᠡᠳ ᠱᠠᠭᠠᠷᠳᠠᠯᠭ᠎ᠠ | ︵ᠲᠤᠯᠤᠭ᠎ᠠ︶ ᠶᠠᠰᠤ ᠴᠢᠨᠠᠷ ᠢ ᠬᠢᠨᠠᠨ ᠰᠢᠯᠭᠠᠬᠤ ᠶᠠᠪᠣᠴᠠ ᠳᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠥᠯ | ︵ᠨᠠᠢᠮᠠ︶ ᠶᠠᠰᠤ ᠴᠢᠨᠠᠷ ᠢ ᠬᠢᠨᠠᠨ ᠰᠢᠯᠭᠠᠬᠤ ᠳᠤ ᠪᠠᠲᠤᠯᠠᠬᠤ ᠠᠵᠢᠯ | | | |