ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠶᠠᠪᠣᠳᠠᠯ ᠤᠨ ᠲᠡᠮᠳᠡᠭᠯᠡᠯ ︵2022 ᠣᠨ ᠤ 10 ᠰᠠᠷ᠎ᠠ︶
ᠨᠡᠶᠢᠲᠡᠯᠡᠭᠰᠡᠨ ᠴᠠᠭ᠄
2022/11/2
    10 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠠᠮᠲᠤ ᠶᠠᠪᠣᠭᠰᠠᠳ ᠲᠠᠢ ᠪᠠᠨ ᠬᠡᠰᠡᠭ ᠵᠠᠮ ᠬᠠᠷᠢᠯᠴᠠᠭᠠᠨ ᠤ ᠪᠣᠭᠤᠮᠲᠠ ᠴᠡᠭ ᠲᠤ ᠬᠦᠷᠴᠦ ᠬᠢᠵᠢᠭ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠭᠡᠵᠦ᠂ ᠲᠡᠳᠡᠨ ᠤ ᠰᠢᠷᠭᠠᠭᠤ ᠴᠢᠷᠮᠠᠶᠢᠯᠭ᠎ᠠ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠯᠢᠦ ᠶᠣᠣ᠂ ᠭᠦᠸᠧ ᠶᠠ ᠹᠧᠩ ᠲᠣᠬᠤᠨᠢᠭᠤᠯᠤᠯᠲᠠ ᠬᠢᠬᠦ ᠳᠤ ᠣᠷᠣᠯᠴᠠᠪᠠ᠃    10 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠥᠬᠦ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠲᠤᠰᠬᠠᠢ ᠰᠢᠪᠠᠳᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠢᠵᠦ᠂ ᠪᠥᠬᠦ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠴᠢᠬᠤᠯᠠᠴᠢᠯᠠᠵᠤ ᠳᠠᠬᠢᠨ ᠪᠠᠶᠢᠷᠢᠯᠠᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠼᠦᠢ ᠯᠧᠢ ᠯᠧᠢ᠂ ᠮᠦ ᠲᠢᠶᠧ ᠮᠢᠨ᠂ ᠭᠦᠸᠧ ᠶᠠ ᠹᠧᠩ ᠬᠤᠷᠠᠯ ᠳᠤ ᠣᠷᠣᠯᠴᠠᠪᠠ᠃    10 ᠰᠠᠷ᠎ᠠ ᠶᠢᠨ 7 ᠤ ᠡᠳᠦᠷ᠂ ᠵᠠᠷᠤᠳ ᠬᠤᠰᠢᠭᠤ ᠬᠢᠨ ᠯᠦᠪᠸᠢ ᠪᠠᠯᠭᠠᠰᠤᠨ ᠤ ᠭᠤᠣᠯ ᠬᠤᠲᠠ ᠶᠢᠨ ᠲᠣᠭᠤᠷᠢᠭ ᠲᠤ ᠣᠷᠣᠨ ᠪᠦᠰᠡ ᠶᠢᠨ ᠪᠥᠭᠡᠮ ᠬᠦᠴᠢᠯ ᠪᠠᠶᠢᠴᠠᠭᠠᠨ ᠰᠢᠯᠭᠠᠬᠤ ᠪᠣᠳᠠᠲᠤ  ᠳᠠᠶᠢᠨ ᠤ ᠰᠣᠷᠢᠯᠲᠠ ᠬᠢᠪᠡ ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠡᠯ᠎ᠡ ᠪᠥᠭᠡᠮ ᠬᠦᠴᠢᠯ ᠪᠠᠶᠢᠴᠠᠭᠠᠨ ᠰᠢᠯᠭᠠᠬᠤ ᠪᠣᠳᠠᠲᠤ ᠳᠠᠶᠢᠨ ᠤ ᠰᠣᠷᠢᠯᠲᠠ ᠥᠯᠢᠭᠡᠷ ᠠᠪᠬᠤ ᠴᠡᠭ ᠲᠤ ᠭᠦᠨᠵᠡᠭᠡᠶᠢᠷᠡᠵᠦ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠰᠣᠷᠢᠯᠲᠠ ᠶᠢᠨ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ ᠪᠠᠶᠢᠴᠠᠭᠠᠪᠠ᠃    10 ᠰᠠᠷ᠎ᠠ ᠶᠢᠨ 11 ᠤ ᠡᠳᠦᠷ᠂ ᠵᠠᠷᠤᠳ ᠬᠤᠰᠢᠭᠤ ᠬᠢᠨ ᠯᠦᠪᠧᠢ ᠪᠠᠯᠭᠠᠰᠤᠨ ᠤ ᠭᠤᠣᠯ ᠬᠤᠲᠠ ᠶᠢᠨ ᠲᠣᠭᠤᠷᠢᠭ ᠲᠤ ᠪᠥᠭᠡᠮ ᠬᠦᠴᠢᠯ ᠪᠠᠶᠢᠴᠠᠭᠠᠨ ᠰᠢᠯᠭᠠᠬᠤ ᠪᠣᠳᠠᠲᠤ ᠰᠣᠷᠢᠯᠲᠠ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠥᠭᠡᠮ ᠬᠦᠴᠢᠯ ᠪᠠᠶᠢᠴᠠᠭᠠᠨ ᠰᠢᠯᠭᠠᠬᠤ ᠪᠣᠳᠠᠲᠤ ᠳᠠᠶᠢᠨ ᠤ ᠰᠣᠷᠢᠯᠲᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃    10 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠠᠩ ᠢᠦᠢ ᠳ᠋ᠦᠩ ᠵᠠᠷᠤᠳ ᠬᠤᠰᠢᠭᠤᠨ ᠳᠤ ᠢᠷᠡᠵᠦ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠣᠳᠣᠬᠢᠴᠢᠯᠠᠭᠰᠠᠨ ᠲᠠᠯ᠎ᠠ ᠨᠤᠲᠤᠭ ᠤᠨ ᠠᠮᠢ ᠠᠬᠤᠢ ᠶᠢᠨ ᠮᠠᠯᠵᠢᠯ ᠤᠨ ᠲᠠᠯᠠᠪᠠᠶ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠴᠠᠭᠠᠨ ᠢᠳᠡᠭᠡᠨ ᠤ ᠬᠤᠷᠰᠢᠶ᠎ᠠ ᠶᠢᠨ ᠡᠵᠡᠩᠨᠡᠯᠲᠡ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠪᠠᠷ᠎ᠠ ᠪᠣᠯᠪᠠ᠃    10 ᠰᠠᠷ᠎ᠠ ᠶᠢᠨ 12 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ 37 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠳᠣᠯᠣᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠣᠷᠣᠯᠴᠠᠪᠠ᠃    10 ᠰᠠᠷ᠎ᠠ ᠶᠢᠨ 12 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠡᠷᠭᠡᠨᠪᠠᠲᠤ ᠵᠠᠷᠤᠳ ᠬᠤᠰᠢᠭᠤᠨ ᠳᠤ ᠢᠷᠡᠵᠦ ᠬᠢᠵᠢᠭ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠡᠪᠦᠯ ᠤᠨ ᠤᠯᠠᠷᠢᠯ ᠤᠨ ᠢᠯᠴᠢ ᠬᠠᠩᠭᠠᠬᠤ᠂ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠨᠠᠮᠤᠷ ᠤᠨ ᠠᠮᠤ ᠪᠣᠳᠠᠭ᠎ᠠ ᠶᠢ ᠵᠠᠪᠳᠤᠨ ᠬᠤᠷᠢᠶᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠪᠠᠲᠤ᠂ ᠯᠢᠦ ᠶᠣᠣ᠂ ᠳ᠋ᠢᠩ ᡁᠢ ᠭᠠᠩ᠂ ᠭᠦᠸᠧ ᠶᠠ ᠹᠧᠩ ᠪᠠᠷ᠎ᠠ ᠪᠣᠯᠵᠤ ᠪᠠᠶᠢᠴᠠᠭᠠᠪᠠ᠃    10 ᠰᠠᠷ᠎ᠠ ᠶᠢᠨ 18 ᠤ ᠡᠳᠦᠷ᠂ ᠵᠠᠷᠤᠳ ᠬᠤᠰᠢᠭᠤᠨ ᠤ ᠵᠠᠯᠠᠭᠤᠴᠤᠳ ᠤᠨ ᠠᠵᠢᠯ ᠤᠨ ᠬᠤᠯᠪᠣᠭᠠᠲᠤ ᠬᠤᠷᠠᠯ ᠤᠨ ᠭᠤᠷᠪᠠᠳᠤᠭᠠᠷ ᠪᠥᠬᠦᠳᠡ ᠬᠤᠷᠠᠯ ᠬᠤᠷᠠᠯᠳᠤᠪᠠ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃    10 ᠰᠠᠷ᠎ᠠ ᠶᠢᠨ 21 ᠤ ᠡᠳᠦᠷ᠂ ᠵᠠᠷᠤᠳ ᠬᠤᠰᠢᠭᠤ ᠪᠥᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠢᠵᠦ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠰᠤᠳᠤᠯᠤᠨ ᠪᠠᠶᠢᠷᠢᠯᠠᠭᠤᠯᠵᠤ᠂ ᠬᠤᠰᠢᠭᠤ ᠳᠠᠶᠠᠭᠠᠷ ᠢ ᠳᠠᠶᠢᠴᠢᠯᠠᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠪᠠᠷ  ᠴᠢᠷᠮᠠᠶᠢᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠪᠠᠲᠤ᠂ ᠯᠢᠦ ᠶᠣᠣ᠂ ᠯᠢ ᠶᠦᠩ ᠬᠠᠢ᠂ ᠳ᠋ᠢᠩ ᡁᠢ ᠭᠠᠩ᠂ ᠼᠦᠢ ᠯᠧᠢ ᠯᠧᠢ᠂ ᠭᠦᠸᠧ ᠶᠠ ᠹᠧᠩ ᠬᠤᠷᠠᠯ ᠳᠤ ᠣᠷᠣᠯᠴᠠᠪᠠ᠃    10 ᠰᠠᠷ᠎ᠠ ᠶᠢᠨ 22 ᠠᠴᠠ 23 ᠤ ᠡᠳᠦᠷ ᠪᠣᠯᠲᠠᠯ᠎ᠠ᠂ ᠵᠠᠷᠤᠳ ᠬᠤᠰᠢᠭᠤᠨ ᠤ ᠬᠢᠨ ᠪᠥᠬᠦ ᠬᠤᠰᠢᠭᠤᠨ ᠤ ᠬᠦᠳᠡᠭᠡ ᠲᠣᠰᠬᠤᠨ ᠮᠠᠯᠵᠢᠬᠤ ᠣᠷᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ ᠬᠤᠷᠠᠯ ᠡᠷᠭᠢᠯᠡᠪᠡ᠃    10 ᠰᠠᠷ᠎ᠠ ᠶᠢᠨ 25 ᠤ ᠡᠳᠦᠷ᠂ ᠵᠠᠷᠤᠳ ᠬᠤᠰᠢᠭᠤ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠠᠲᠠᠪᠤᠷᠢᠯᠠᠨ ᠲᠤᠰᠢᠶᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    10 ᠰᠠᠷ᠎ᠠ ᠶᠢᠨ 25 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠦᠯᠬᠦᠮ ᠳᠠᠭᠠᠭᠤᠯᠤᠨ ᠵᠠᠬᠠᠨᠠᠭᠤᠷ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠣᠷᠣᠨ ᠨᠣᠲᠤᠭ ᠲᠤ ᠪᠣᠷᠣᠯᠠᠭᠤᠯᠬᠤ ᠨᠡᠭᠦᠷᠡᠰᠦ ᠠᠴᠢᠶᠠᠯᠠᠬᠤ ᠲᠡᠷᠭᠡᠨ ᠤ ᠠᠬᠤᠢ ᠲᠠᠯᠠᠪᠠᠶ ᠳᠤ ᠬᠦᠷᠴᠦ᠂ ︽ᠳᠣᠯᠠᠭᠠᠯᠠᠭ᠎ᠠ ᠶᠢᠨ ᠨᠡᠭᠦᠷᠡᠰᠦ ︾ ᠲᠠᠷᠬᠠᠭᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠬᠢᠨᠠᠨ ᠵᠢᠯᠤᠭᠤᠳᠬᠤ ᠳᠤ ᠣᠷᠣᠯᠴᠠᠪᠠ᠃    10 ᠰᠠᠷ᠎ᠠ ᠶᠢᠨ 25 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠵᠠᠬᠠᠨᠠᠭᠤᠷ ᠠᠵᠤ ᠦᠢᠯᠡᠰ ᠤᠨ ᠲᠣᠭᠤᠷᠢᠭ ᠲᠤ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠪᠠᠲᠤ᠂ ᠯᠢᠦ ᠶᠣᠣ᠂ ᠯᠢ ᠶᠦᠩ ᠬᠠᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    10 ᠰᠠᠷ᠎ᠠ ᠶᠢᠨ 26 ᠤ ᠡᠳᠦᠷ᠂ ᠵᠠᠷᠤᠳ ᠬᠤᠰᠢᠭᠤᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠯᠧᠢ ᠯᠧᠢ ᠬᠤᠷᠠᠯ ᠳᠤ ᠣᠷᠣᠯᠴᠠᠪᠠ᠃    10 ᠰᠠᠷ᠎ᠠ ᠶᠢᠨ 27 ᠤ ᠡᠳᠦᠷ᠂ ᠵᠠᠷᠤᠳ ᠬᠤᠰᠢᠭᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠰᠠᠭ ᠠᠵᠤ ᠠᠬᠤᠶᠢᠯᠠᠯ ᠤᠨ  ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠪᠠᠲᠤ᠂ ᠯᠢᠦ ᠶᠣᠣ᠂ ᠼᠦᠢ ᠯᠧᠢ ᠯᠧᠢ᠂ ᠯᠢ ᠶᠦᠩ ᠬᠠᠢ᠂ ᠮᠦ ᠲᠢᠶᠧ ᠮᠢᠨ ᠬᠤᠷᠠᠯ ᠳᠤ ᠣᠷᠣᠯᠴᠠᠪᠠ᠃    10 ᠰᠠᠷ᠎ᠠ ᠶᠢᠨ 28  ᠤ ᠡᠳᠦᠷ᠂ ᠪᠡᠭᠡᠵᠢᠩ ᠤᠨ ᠲᠦᠩ ᠮᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠫᠧᠩ ᠹᠧᠩ ᠬᠠᠮᠲᠤ ᠶᠠᠪᠣᠭᠰᠠᠳ  ᠲᠠᠢ ᠪᠠᠨ ᠵᠠᠷᠤᠳ ᠬᠤᠰᠢᠭᠤᠨ ᠳᠤ ᠰᠢᠨᠵᠢᠯᠡᠨ ᠪᠠᠶᠢᠴᠠᠭᠠᠵᠤ ᠬᠠᠮᠲᠤᠷᠠᠯᠴᠠᠭᠠᠨ ᠤ ᠲᠦᠷᠦᠯ ᠵᠦᠢᠯ ᠢ ᠵᠥᠪᠳᠡᠨ ᠶᠠᠷᠢᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ᠂ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ ᠰᠠᠭᠤᠳᠠᠯ ᠤᠨ ᠬᠤᠷᠠᠯ ᠳᠤ ᠣᠷᠣᠯᠴᠠᠭᠰᠠᠨ ᠪᠤᠶᠤ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号