ᠡᠨᠡ ᠵᠢᠯ ᠠᠴᠠ ᠨᠠᠰᠢ᠂ ᠵᠠᠷᠤᠳ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠬᠢᠨ ᠣᠳᠣᠬᠠᠨ ᠤ ᠠᠵᠢᠯ ᠤᠯᠭᠤᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠪᠠ | ᠰᠢᠨ᠎ᠡ ᠡᠭᠦᠷᠭᠡ ᠶᠢᠨ ᠲᠣᠭᠤᠷᠢᠨ ᠳᠤ᠂ ᠨᠠᠩ ᠭᠦᠢᠴᠡᠳ ᠨᠠᠩ ᠴᠢᠨᠠᠷ ᠰᠠᠶᠢᠲᠠᠢ ᠠᠵᠢᠯ ᠤᠯᠭᠤᠬᠤ ᠬᠠᠷᠠᠯᠲᠠ ᠲᠡᠰᠢ | ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠪᠠᠶᠢᠷᠢ ᠪᠠᠨ ᠭᠦᠨᠵᠡᠭᠡᠢ ᠠᠭᠤᠳᠠᠯᠬᠤ᠂ ᠢᠳᠡᠪᠬᠢᠲᠡᠢ ᠲᠠᠨᠢᠯᠴᠠᠭᠤᠯᠬᠤ | ᠂ ᠮᠥᠷᠳᠡᠨ ᠦᠢᠯᠡᠴᠢᠯᠡᠬᠦ ᠵᠡᠷᠭᠡ ᠠᠵᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠪᠠ ᠳᠠᠳᠤᠯᠭ᠎ᠠ ᠶᠢᠨ ᠠᠵᠢᠯ ᠤᠨ ᠲᠣᠭᠲᠠᠭᠤᠨ ᠢᠶᠠᠷ ᠥᠷᠨᠢᠬᠦ ᠶᠢ ᠠᠬᠢᠭᠤᠯᠪᠠ᠃ | | ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠨ ᠠᠯᠪᠠᠨ ᠤ ᠰᠦᠯᠵᠢᠶ᠎ᠡ᠂ | ᠸᠢᠴᠠᠲ ᠨᠡᠶᠢᠲᠡ ᠶᠢᠨ ᠳ᠋ᠤᠭᠠᠷ ᠵᠢᠴᠢ ᠠᠬᠤᠢ ᠲᠠᠯᠠᠪᠤᠷ ᠤᠨ ᠤᠬᠠᠭᠤᠯᠭ᠎ᠠ ᠵᠡᠷᠭᠡ ᠠᠷᠭ᠎ᠠ ᠵᠠᠮ ᠢᠶᠠᠷ ᠳᠠᠮᠵᠢᠭᠤᠯᠤᠨ | ᠠᠵᠢᠯ ᠤᠯᠭᠤᠬᠤ ᠳᠠᠳᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ ᠶᠢᠨ ᠬᠠᠮᠲᠤ᠂ ᠠᠵᠤ | ᠠᠬᠤᠶᠢᠯᠠᠯ ᠢ ᠰᠤᠷᠪᠤᠯᠵᠢᠯᠠᠨ᠂ ᠢᠳᠡᠪᠬᠢᠲᠡᠢ ᠪᠠᠷ ᠵᠣᠯᠭᠠᠭᠤᠯᠵᠤ᠂ ᠠᠵᠢᠯ ᠤᠯᠭᠤᠬᠤ ᠲᠠᠪᠴᠠᠩ ᠪᠠᠶᠢᠭᠤᠯᠤᠨ᠂ | ᠵᠠᠯᠠᠭᠤᠴᠤᠳ ᠤᠨ ᠠᠵᠢᠯ ᠤᠯᠭᠤᠬᠤ ᠳᠠᠳᠤᠯᠭ᠎ᠠ ᠶᠢᠨ ᠰᠠᠭᠤᠷᠢᠨ ᠭᠠᠵᠠᠷ ᠤᠨ ᠬᠡᠪᠴᠢᠶ᠎ᠡ ᠶᠢ ᠦᠷᠭᠡᠳᠭᠡᠵᠦ᠂ | ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ᠵᠢᠴᠢ | ᠵᠣᠬᠢᠬᠤ ᠨᠠᠰᠤᠨ ᠤ ᠠᠵᠢᠯ ᠠᠯᠳᠠᠭᠰᠠᠨ ᠵᠠᠯᠠᠭᠤᠴᠤᠳ ᠪᠠ ᠳᠠᠳᠤᠯᠭ᠎ᠠ ᠶᠢᠨ ᠰᠠᠭᠤᠷᠢᠨ ᠭᠠᠵᠠᠷ ᠢ ᠬᠠᠪᠰᠤᠷᠤᠨ | ᠨᠢᠭᠤᠷᠲᠠᠨ ᠵᠤᠯᠭᠠᠭᠤᠯᠪᠠ᠃ ᠡᠭᠦᠨ ᠤ ᠬᠠᠮᠲᠤ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ | ᠰᠤᠷᠭᠠᠭᠤᠯᠢ ᠲᠡᠭᠦᠰᠦᠭᠰᠡᠨ ᠰᠤᠷᠤᠭᠴᠢᠳ ᠪᠣᠯᠣᠨ ᠠᠵᠢᠯ ᠠᠯᠳᠠᠭᠰᠠᠨ ᠵᠠᠯᠠᠭᠤᠴᠤᠳ ᠵᠡᠷᠭᠡ ᠬᠥᠮᠥᠰ ᠲᠤ ᠳᠠᠳᠤᠯᠭ᠎ᠠ | ᠶᠢᠨ ᠲᠥᠷᠥ ᠶᠢᠨ ᠪᠣᠳᠣᠯᠭ᠎ᠠ ᠵᠢᠴᠢ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠬᠦᠷᠭᠡᠨ ᠥᠭᠴᠦ᠂ ᠲᠡᠳᠡᠨ ᠤ | ᠠᠵᠢᠯ ᠤᠯᠭᠤᠬᠤ ᠪᠠ ᠳᠠᠳᠤᠯᠭ᠎ᠠ ᠬᠢᠬᠦ ᠶᠢ ᠢᠳᠡᠪᠬᠢᠲᠡᠢ ᠬᠥᠲᠥᠯᠥᠨ ᠵᠢᠯᠣᠭᠤᠳᠪᠠ᠃ | ᠲᠠᠨᠢᠯᠴᠠᠭᠤᠯᠤᠭᠰᠠᠨ ᠢᠶᠠᠷ᠂ ᠣᠲᠣ ᠪᠣᠯᠲᠠᠯ᠎ᠠ᠂ ᠪᠥᠬᠦ ᠬᠤᠰᠢᠭᠤᠨ ᠤ 134 ᠳᠡᠭᠡᠳᠦ ᠰᠤᠷᠭᠠᠭᠤᠯᠢ | ᠲᠡᠭᠦᠰᠦᠭᠰᠡᠨ ᠰᠣᠷᠣᠭᠴᠢ ᠶᠢ ᠬᠤᠰᠢᠭᠤᠨ ᠤ ᠬᠠᠮᠢᠶ᠎ᠠ ᠪᠦᠬᠦᠢ ᠠᠵᠤ ᠠᠬᠤᠶᠢᠯᠠᠯ ᠳᠤ ᠠᠮᠵᠢᠯᠲᠠ ᠲᠠᠢ ᠪᠠᠷ | ᠲᠠᠨᠢᠯᠴᠠᠭᠤᠯᠤᠨ ᠳᠠᠳᠤᠯᠭ᠎ᠠ ᠬᠢᠯᠭᠡᠪᠡ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠬᠤᠯᠪᠣᠭᠳᠠᠯ ᠪᠦᠬᠦᠢ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ | ᠬᠡᠷᠡᠭᠵᠢᠭᠦᠯᠵᠦ᠂ ᠳᠠᠳᠤᠯᠭ᠎ᠠ ᠶᠢᠨ ᠰᠤᠷᠤᠭᠴᠢ ᠶᠢᠨ ᠠᠮᠢᠳᠤᠷᠠᠯ ᠤᠨ ᠨᠥᠬᠦᠪᠦᠷᠢ ᠶᠢ ᠴᠠᠭ ᠲᠤᠬᠠᠢ ᠳᠤᠨᠢ ᠲᠤᠭ᠎ᠠ | ᠶᠣᠰᠣᠭᠠᠷ ᠥᠭᠬᠦ ᠶᠢ ᠪᠠᠲᠤᠯᠠᠨ᠂ ᠳᠠᠳᠤᠯᠭ᠎ᠠ ᠶᠢᠨ ᠰᠤᠷᠤᠭᠴᠢ ᠶᠢᠨ ᠳᠠᠪᠲᠠᠨ ᠪᠣᠯᠪᠠᠰᠤᠷᠠᠬᠤ ᠰᠤᠷᠤᠯᠴᠠᠯᠭ᠎ᠠ ᠶᠢᠨ | ᠶᠠᠪᠤᠴᠠ ᠶᠢ ᠲᠠᠭᠠᠨ ᠮᠥᠷᠳᠡᠵᠦ᠂ ᠳᠠᠳᠤᠯᠭ᠎ᠠ ᠶᠢᠨ ᠬᠥᠮᠥᠰ ᠤᠨ ᠲᠣᠭᠲᠠᠪᠤᠷᠢᠲᠠᠢ ᠠᠵᠢᠯ ᠣᠯᠬᠤ ᠶᠢ ᠪᠡᠶᠡᠯᠡᠭᠦᠯᠬᠦ ᠳᠤ | ᠨᠠᠩ ᠣᠯᠠᠨ ᠳᠡᠮᠵᠢᠯᠭᠡ ᠪᠠ ᠬᠠᠪᠰᠤᠷᠤᠯᠭ᠎ᠠ ᠬᠠᠩᠭᠠᠨ᠎ᠠ ᠭᠡᠪᠡ᠃ | |