ᠯᠦᠪᠸᠢ ᠵᠡᠭᠡᠯᠢ ᠭᠤᠳᠤᠮᠵᠢ ᠶᠢᠨ ᠰᠢᠩ ᠬᠤᠸᠠ ᠨᠡᠶᠢᠭᠡᠮ ᠲᠣᠭᠤᠷᠢᠭ ᠬᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/12/29
     12 ᠰᠠᠷ᠎ᠠ ᠶᠢᠨ 26  ᠤ ᠡᠳᠦᠷ᠂ ᠯᠦᠪᠸᠢ ᠵᠡᠭᠡᠯᠢ ᠭᠤᠳᠤᠮᠵᠢ ᠶᠢᠨ ᠰᠢᠩ ᠬᠤᠸᠠ ᠨᠡᠶᠢᠭᠡᠮ ᠲᠣᠭᠤᠷᠢᠭ ᠤᠨ  ᠬᠢᠨ ᠬᠠᠷᠢᠶ᠎ᠠ ᠣᠷᠣᠨ ᠤ ᠳᠣᠲᠣᠷ᠎ᠠ ᠪᠠᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ  ᠦᠷᠨᠢᠭᠦᠯᠪᠡ᠃ ᠵᠢᠭᠰᠠᠭᠠᠨ ᠪᠠᠶᠢᠴᠠᠭᠠᠬᠤ ᠶᠠᠪᠤᠴᠠ ᠳᠤ᠂ ᠠᠵᠢᠯᠲᠠᠳ ᠬᠠᠷᠢᠶ᠎ᠠ ᠣᠷᠣᠨ ᠤ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ᠂ ᠬᠠᠶᠠᠭᠳᠠᠮᠠᠯ ᠡᠳ᠋ ᠠᠪᠬᠤ ᠥᠷᠲᠡᠭᠡ᠂ ᠬᠠᠭᠤᠴᠢᠨ ᠬᠤᠪᠴᠠᠰᠤ ᠬᠤᠨᠠᠷ ᠬᠤᠳᠠᠯᠳᠤᠨ ᠠᠪᠴᠤ ᠬᠠᠳᠠᠭᠠᠯᠠᠬᠤ ᠥᠷᠲᠡᠭᠡ ᠴᠡᠭ ᠵᠡᠷᠭᠡ ᠣᠷᠣᠨ ᠪᠦᠰᠡ ᠶᠢᠨ ᠠᠮᠤᠷ ᠲᠦᠪᠰᠢᠨ ᠢᠶᠠᠷ ᠭᠠᠯ ᠬᠡᠷᠡᠭᠯᠡᠭᠰᠡᠨ᠂ ᠴᠠᠬᠢᠯᠭᠠᠨ ᠬᠡᠷᠡᠭᠯᠡᠭᠰᠡᠨ᠂ ᠬᠡᠢ ᠬᠡᠷᠡᠭᠯᠡᠭᠰᠡᠨ ᠪᠠᠶᠢᠳᠠᠯ ᠢ ᠨᠠᠷᠢᠨ ᠨᠢᠮᠪᠠᠢ ᠵᠢᠭᠰᠠᠭᠠᠨ ᠪᠠᠶᠢᠴᠠᠭᠠᠪᠠ᠃ ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠦᠵᠡᠯ ᠣᠬᠠᠮᠰᠠᠷ ᠤᠨ ᠲᠠᠯ᠎ᠠ ᠪᠠᠷ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠲᠠᠨᠢᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠪᠡ᠃
11a44ec3283631712b0b56e49084f4c.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号