| | 12 ᠰᠠᠷ᠎ᠠ ᠶᠢᠨ 28 ᠤ ᠡᠳᠦᠷ᠂ ᠵᠠᠷᠤᠳ ᠬᠤᠰᠢᠭᠤ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ | ᠶᠠᠪᠤᠳᠠᠯ ᠢ ᠵᠦᠪᠯᠡᠯᠴᠡᠬᠦ ᠬᠤᠷᠠᠯ ᠵᠢᠴᠢ ᠰᠤᠮᠤ ᠪᠠᠯᠭᠠᠰᠤ ᠲᠠᠯᠠᠪᠠᠢ ᠬᠢᠨ ᠨᠠᠮ ᠠᠴᠠ ᠵᠡᠪᠰᠡᠭᠲᠦ ᠬᠦᠴᠦᠨ ᠢ | ᠬᠠᠮᠢᠶᠠᠷᠬᠤ ᠠᠵᠢᠯ ᠤᠨ ᠮᠡᠳᠡᠭᠦᠯᠦᠯᠲᠡ ᠶᠢᠨ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠠ ᠬᠤᠲᠠ ᠶᠢᠨ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠦᠪᠯᠡᠯᠴᠡᠬᠦ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ | ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠠᠵᠢᠯ ᠢ ᠲᠤᠰᠬᠠᠢ ᠲᠣᠬᠢᠷᠠᠭᠤᠯᠤᠨ ᠪᠠᠶᠢᠷᠢᠯᠠᠭᠤᠯᠵᠤ᠂ ᠬᠠᠮᠲᠤ ᠶᠢᠨ | ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠴᠡᠷᠢᠭ ᠠᠩᠭᠢ ᠪᠠ ᠣᠷᠣᠨ ᠨᠤᠲᠤᠭ᠂ ᠴᠡᠷᠢᠭ | ᠠᠷᠠᠳ ᠤᠨ ᠬᠠᠮᠲᠤ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ | ᠪᠦᠷᠢᠯᠳᠦᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ | ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠱᠣᠸ ᠶᠠᠨ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠪᠠ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠪᠦᠦ ᠸᠧᠨ ᠯᠠᠨ ᠠᠴᠠ | ᠬᠤᠷᠠᠯ ᠳᠤ ᠳᠡᠪᠰᠢᠭᠦᠯᠦᠨ ᠰᠢᠢᠳᠪᠦᠷᠢᠯᠡᠭᠦᠯᠦᠭᠰᠡᠨ ᠠᠰᠠᠭᠤᠳᠠᠯ ᠤᠨ ᠲᠣᠭᠤᠷᠢᠨ ᠳᠤ ᠵᠣᠬᠢᠬᠤ ᠰᠢᠢᠳᠪᠦᠷᠢᠯᠡᠬᠦ ᠠᠷᠭ᠎ᠠ | ᠬᠡᠮᠵᠢᠶ᠎ᠡ ᠪᠠ ᠠᠷᠭ᠎ᠠ ᠶᠢᠨ ᠲᠤᠬᠠᠢ ᠰᠠᠨᠠᠯ ᠳᠤᠷᠠᠳᠪᠠ︔ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠦ᠋ ᠫᠧᠩ ᠹᠧᠢ ᠨᠠᠮ ᠠᠴᠠ | ᠵᠡᠪᠰᠡᠭᠲᠦ ᠬᠦᠴᠦᠨ ᠤ ᠠᠵᠢᠯ ᠢ ᠬᠠᠮᠢᠶᠠᠷᠣᠭᠰᠠᠨ ᠲᠣᠬᠠᠢ ᠦᠨᠡᠯᠡᠬᠦ ᠶᠢᠨ ᠬᠠᠮᠲᠤ ᠬᠤᠰᠢᠭᠤᠨ ᠳᠤ ᠰᠠᠭᠤᠭ᠎ᠠ | ᠴᠡᠷᠢᠭ ᠠᠩᠭᠢ ᠵᠢᠨᠰᠤᠳᠤᠯᠤᠨ ᠰᠢᠢᠳᠪᠦᠷᠢᠯᠡᠬᠦ ᠬᠦᠴᠢᠷᠳᠡᠯ ᠲᠠᠢ ᠠᠰᠠᠭᠤᠳᠠᠯ ᠢ ᠬᠤᠷᠠᠯ ᠳᠤ ᠳᠡᠪᠰᠢᠭᠦᠯᠪᠡ︔ | ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠯᠢ ᠯᠧᠢ ᠥᠪᠡᠷᠲᠡᠭᠡᠨ ᠵᠠᠰᠠᠬᠤ ᠣᠷᠣᠨ | ᠪᠣᠯᠣᠨ ᠲᠦᠩᠯᠢᠶᠣᠣ ᠬᠤᠲᠠ ᠶᠢᠨ ᠬᠤᠶᠠᠷ ᠱᠠᠲᠤᠨ ᠤ ᠴᠡᠷᠢᠭ ᠤᠨ ᠶᠠᠪᠤᠳᠠᠯ ᠢ ᠵᠦᠪᠯᠡᠯᠴᠡᠬᠦ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠪᠠ︔ ᠡᠯ᠎ᠡ ᠰᠤᠮᠤ ᠪᠠᠯᠭᠠᠰᠤ ᠲᠠᠯᠠᠪᠠᠢ ᠶᠢᠨ ᠭᠤᠣᠯ ᠬᠠᠷᠢᠭᠤᠴᠠᠯᠭᠠᠲᠠᠨ ᠨᠠᠮ ᠠᠴᠠ ᠵᠡᠪᠰᠡᠭᠲᠦ | ᠬᠦᠴᠦᠨ ᠢ ᠬᠠᠮᠢᠶᠠᠷᠬᠤ ᠠᠵᠢᠯ ᠤᠨ ᠲᠤᠬᠠᠢ ᠠᠵᠢᠯ ᠤᠨ ᠮᠡᠳᠡᠭᠦᠯᠦᠯᠲᠡ ᠬᠢᠪᠡ᠃ | ᠬᠤᠷᠠᠯ ᠠᠴᠠ ᠵᠢᠭᠠᠪᠣᠷᠢᠯᠠᠭᠰᠠᠨ ᠨᠢ᠂ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠴᠡᠷᠢᠭ ᠤᠨ | ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ | ᠤᠳᠤᠷᠢᠳᠤᠯᠭ᠎ᠠ ᠳᠣᠣᠷ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠣᠨ ᠵᠠᠷᠣᠳ ᠲᠤ ᠰᠠᠭᠤᠭ᠎ᠠ ᠴᠡᠷᠢᠭ | ᠠᠩᠭᠢ ᠬᠢᠨ ᠢᠮᠠᠭᠲᠠ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠣᠯᠣᠨ | ᠰᠢ ᠶᠢᠨ ᠫᠢᠩ ᠲᠡᠷᠢᠭᠦᠯᠡᠭᠴᠢ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ | ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠮᠠᠨᠳᠤᠭᠤᠯᠬᠤ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ | ᠤᠯᠤᠰ ᠲᠦᠷᠦ ᠪᠠᠷ ᠴᠡᠷᠢᠭ ᠢᠶᠠᠨ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢᠶᠠᠨ ᠬᠦᠴᠦᠷᠬᠡᠭᠵᠢᠭᠦᠯᠬᠦ᠂ | ᠰᠢᠨᠵᠢᠯᠡᠭᠡ ᠮᠡᠷᠭᠡᠵᠢᠯ ᠢᠶᠠᠷ ᠴᠡᠷᠢᠭ ᠢᠶᠠᠨ ᠮᠠᠨᠳᠤᠭᠤᠯᠬᠤ᠂ ᠴᠢᠳᠠᠪᠤᠷᠢᠲᠠᠨ ᠢᠶᠠᠷ ᠴᠡᠷᠢᠭ ᠢᠶᠠᠨ ᠬᠦᠴᠦᠷᠬᠡᠭᠵᠢᠭᠦᠯᠬᠦ᠂ | ᠬᠠᠤᠯᠢ ᠪᠠᠷ ᠴᠡᠷᠢᠭ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠪᠠ᠃ ᠣᠨᠴᠠᠭᠠᠶᠢᠯᠠᠨ ᠮᠠᠨ ᠤ ᠴᠡᠷᠢᠭ ᠤᠨ ᠢᠷᠡᠪᠡᠯ | ᠪᠠᠶᠢᠯᠳᠤᠵᠤ ᠴᠢᠳᠠᠬᠤ᠂ ᠪᠠᠶᠢᠯᠳᠤᠪᠠᠯ ᠢᠯᠠᠬᠤ ᠴᠢᠳᠠᠬᠤ ᠰᠢᠯᠢᠳᠡᠭ ᠰᠠᠶᠢᠨ ᠲᠠᠶᠢᠴᠢᠨ ᠰᠤᠷᠲᠠᠯ ᠢ ᠪᠠᠳᠠᠷᠠᠭᠤᠯᠵᠤ᠂ | ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠣᠷᠣᠨ ᠨᠤᠲᠤᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠵᠤ᠂ ᠲᠣᠨᠤᠭ ᠲᠥᠬᠦᠭᠡᠷᠦᠮᠵᠢ ᠪᠠ ᠴᠢᠳᠠᠪᠤᠷᠢᠲᠠᠨ ᠤ ᠳᠠᠪᠠᠭᠤᠯᠢᠭ ᠢᠶᠠᠨ ᠪᠠᠳᠠᠷᠠᠭᠤᠯᠤᠨ᠂ ᠬᠢᠵᠢᠭ ᠢ | ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯ ᠭᠠᠮᠰᠢᠭ ᠠᠴᠠ ᠠᠪᠤᠷᠠᠬᠤ᠂ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠠᠯᠢ | ᠣᠯᠠᠨ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠣᠭᠰᠠᠨ | ᠪᠠᠶᠢᠨ᠎ᠠ ᠭᠡᠪᠡ᠃ | ᠬᠤᠷᠠᠯ ᠠᠴᠠ᠂ ᠵᠡᠪᠰᠡᠭᠲᠦ ᠬᠦᠴᠦᠨ ᠤ ᠠᠵᠢᠯ ᠨᠢ ᠤᠯᠤᠰ ᠤᠨ ᠠᠮᠤᠷ ᠲᠦᠪᠰᠢᠨ᠂ ᠤᠯᠤᠰ ᠲᠦᠷᠦ ᠶᠢᠨ | ᠲᠣᠭᠲᠠᠭᠤᠨ ᠲᠠᠢ ᠬᠤᠯᠪᠣᠭᠳᠠᠵᠤ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠡᠶ᠎ᠡ ᠵᠣᠬᠢᠴᠠᠩᠭᠤᠢ ᠲᠠᠢ | ᠬᠤᠯᠪᠣᠭᠳᠠᠨ᠎ᠠ᠂ ᠥᠭᠡᠷᠡᠴᠢᠯᠡᠯᠲᠡ ᠨᠡᠬᠡᠬᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠠᠴᠠ ᠡᠭᠦᠰᠴᠦ᠂ ᠡᠭᠦᠷᠭᠡ | ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ | ᠴᠢᠯᠦᠭᠡᠯᠡᠵᠦ᠂ ᠴᠤᠭ ᠰᠦᠯᠳᠡ ᠪᠠᠨ ᠪᠠᠳᠠᠷᠠᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠤᠱᠯᠠᠭᠤᠯᠬᠤ ᠠᠵᠢᠯ ᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠠᠴᠠ ᠵᠡᠪᠰᠡᠭᠲᠦ ᠬᠦᠴᠦᠨ ᠢ | ᠬᠠᠮᠢᠶᠠᠷᠬᠤ ᠬᠠᠷᠢᠭᠤᠴᠠᠯᠭ᠎ᠠ ᠶᠢ ᠦᠨᠡᠨᠬᠦ ᠴᠢᠩᠭᠠᠳᠬᠠᠵᠤ᠂ ᠪᠥᠬᠦ ᠬᠤᠰᠢᠭᠤᠨ ᠤ ᠡᠯ᠎ᠡ ᠨᠠᠮ ᠤᠨ ᠬᠤᠷᠢᠶ᠎ᠠ ᠬᠢᠨ ᠨᠠᠮ | ᠠᠴᠠ ᠵᠡᠪᠰᠡᠭᠲᠦ ᠬᠦᠴᠦᠨ ᠢ ᠬᠠᠮᠢᠶᠠᠷᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠯ᠎ᠡ | ᠨᠠᠮ ᠤᠨ ᠬᠤᠷᠢᠶ᠎ᠠ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ | ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠣᠨ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠨᠠᠮ ᠤᠨ | ᠬᠤᠷᠢᠶ᠎ᠠ ︵ᠨᠠᠮ ᠤᠨ ᠡᠭᠦᠷ︶ ᠠᠴᠠ ᠤᠯᠤᠰ ᠲᠥᠷᠥ ᠪᠠᠷ ᠴᠡᠷᠢᠭ ᠪᠠᠶᠢᠭᠤᠯᠬᠤ ᠡᠨᠡᠬᠦ ᠦᠨᠳᠦᠰᠦᠨ ᠵᠦᠢᠯ ᠢ ᠪᠠᠲᠤ | ᠡᠵᠡᠮᠰᠢᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠳᠦᠷᠢᠮ ᠢ ᠪᠣᠳᠠᠲᠠᠢ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠬᠢᠷᠢ ᠲᠦᠪᠰᠢᠨ ᠢ ᠴᠢᠷᠮᠠᠶᠢᠨ | ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠡᠯᠡᠳᠬᠡᠯ ᠠᠵᠢᠯ ᠢ ᠰᠠᠶᠢᠲᠤᠷ | ᠬᠢᠵᠦ᠂ ᠴᠡᠷᠢᠭ ᠡᠯᠰᠡᠬᠦ ᠠᠵᠢᠯ ᠢ ᠰᠠᠶᠢᠲᠤᠷ ᠬᠢᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠢ ᠶᠡᠬᠡᠪᠡᠷ ᠠᠬᠢᠭᠤᠯᠵᠤ᠂ ᠲᠠᠶᠢᠨ ᠬᠢᠵᠦ ᠴᠢᠳᠠᠬᠤ᠂ ᠢᠯᠠᠭᠤᠭᠰᠠᠨ ᠲᠠᠶᠢᠨ ᠬᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ | ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠭᠤᠷ ᠠᠮᠢᠰᠬᠤᠯ ᠢ | ᠲᠠᠰᠤᠷᠠᠯᠲᠠ ᠦᠭᠡᠢ ᠵᠤᠵᠠᠭᠠᠳᠬᠠᠵᠤ᠂ ᠴᠡᠷᠢᠭ ᠠᠷᠠᠳ ᠢ ᠠᠭᠤᠰᠤᠯᠴᠠᠭᠤᠯᠤᠨ ᠬᠥᠭᠵᠢᠭᠦᠯᠬᠦ ︽ᠨᠢᠭᠡ ᠬᠥᠯᠭᠡ | ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠪᠠᠶᠢᠩᠭᠤᠵᠢᠭᠰᠠᠨ ᠬᠠᠷᠢᠯᠴᠠᠬᠤ ᠵᠥᠪᠳᠡᠯᠴᠡᠬᠦ | ᠲᠣᠭᠲᠠᠴᠠ ᠶᠢ ᠰᠤᠳᠤᠯᠤᠨ ᠪᠠᠶᠢᠭᠤᠯᠵᠤ᠂ ᠦᠨᠳᠦᠰᠦᠨ ᠱᠠᠲᠤᠨ ᠤ ᠡᠷᠦᠬᠡ ᠶᠢᠨ ᠴᠡᠷᠢᠭ ᠤᠨ ᠭᠤᠣᠯᠯᠠᠭᠴᠢ | ᠬᠦᠴᠦᠨ ᠢ ᠬᠠᠷᠠᠭᠠᠯᠵᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠡᠷᠢᠭ ᠠᠷᠠᠳ ᠤᠨ ᠠᠭᠤᠰᠣᠯᠴᠠᠨ | ᠭᠦᠨᠵᠡᠭᠡᠢ ᠬᠦᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠰᠢᠭᠤᠨ ᠤ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠲᠠᠯᠠᠪᠠᠢ ᠶᠢᠨ ᠨᠠᠮ ᠤᠨ ᠬᠤᠷᠢᠶ᠎ᠠ ᠶᠢᠨ ᠱᠦᠵᠢ | ᠪᠣᠯᠣᠨ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠷᠠᠳᠠᠷ ᠤᠨ ᠥᠷᠲᠡᠭᠡ ᠶᠢᠨ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠪᠠ᠃ | | | |