| ᠦᠪᠡᠷ ᠢᠶᠠᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠦᠷ᠎ᠡ | ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ 12 ᠰᠠᠷ᠎ᠠ ᠶᠢᠨ 28 ᠤ ᠡᠳᠦᠷ᠂ ᠯᠦᠪᠧᠢ ᠪᠠᠯᠭᠠᠰᠤᠨ ᠤ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠬᠢᠨ ᠡᠯ᠎ᠡ ᠭᠠᠴᠠᠭ᠎ᠠ ᠲᠣᠰᠬᠤᠨ ᠳᠤ ᠭᠦᠨᠵᠡᠭᠡᠶᠢᠷᠡᠨ | ᠪᠠᠶᠢᠴᠠᠭᠠᠨ ᠵᠢᠯᠤᠭᠤᠳᠴᠤ᠂ ᠦᠪᠡᠷ ᠢᠶᠠᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠵᠢᠭᠠᠨ ᠵᠢᠯᠣᠭᠤᠳᠪᠠ᠃ ᠠᠵᠢᠯᠯᠠᠬᠤ ᠳᠤᠭᠤᠶᠢᠯᠠᠩ ᠤᠨ ᠬᠢᠨ ᠮᠠᠲ᠋ᠧᠷᠢᠶᠠᠯ ᠪᠠᠶᠢᠴᠠᠭᠠᠨ ᠦᠵᠡᠬᠦ᠂ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠡᠯ᠎ᠡ ᠭᠠᠴᠠᠭ᠎ᠠ | ᠲᠣᠰᠬᠤᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠥᠪᠡᠰᠦᠪᠡᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠬᠤ | ᠮᠡᠳᠡᠭᠡ ᠵᠠᠩᠭᠢ ᠶᠢᠨ ᠰᠢᠰᠲ᠋ᠧᠮ ᠳᠤ ᠰᠢᠩᠭᠡᠨ ᠣᠷᠣᠭᠤᠯᠬᠤ ᠵᠡᠷᠭᠡ ᠲᠠᠯ᠎ᠠ ᠶᠢᠨ ᠠᠵᠢᠯ ᠳᠤ ᠴᠢᠭᠯᠡᠭᠦᠯᠦᠨ | ᠮᠡᠷᠭᠡᠵᠢᠯ ᠤᠨ ᠵᠢᠯᠣᠭᠤᠳᠤᠯᠭ᠎ᠠ ᠬᠢᠪᠡ᠃ | | | |