| 12 ᠰᠠᠷ᠎ᠠ ᠶᠢᠨ 28 ᠤ ᠦᠳᠡ ᠶᠢᠨ ᠡᠮᠦᠨ᠎ᠡ᠂ ᠵᠠᠷᠤᠳ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠪᠡᠯᠡᠳᠬᠡᠯ | ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠪᠦᠦ ᠯᠦᠩ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ | ᠪᠢᠴᠢᠭ ᠤᠨ ᠳᠠᠷᠤᠭ᠎ᠠ᠂ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠴᠧᠩ ᠭᠦᠸᠧ | ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠵᠠᠷᠢᠮ ᠵᠥᠪᠯᠡᠯ ᠲᠠᠰᠤᠭ ᠤᠨ ᠬᠠᠷᠢᠭᠤᠴᠠᠯᠭᠠᠲᠠᠨ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠪᠦᠦ ᠯᠦᠩ ᠴᠢᠬᠤᠯᠠᠴᠢᠯᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠥᠬᠦ | ᠬᠤᠰᠢᠭᠤᠨ ᠤ ᠴᠢᠬᠤᠯᠠ ᠶᠡᠭᠡ ᠬᠤᠷᠠᠯ ᠤᠨ ᠨᠢᠭᠡ ᠪᠣᠯᠣᠨ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠬᠠᠮᠲᠤ ᠪᠠᠷ ᠣᠷᠣᠨ ᠨᠤᠲᠤᠭ ᠤᠨ ᠤᠯᠤᠰ ᠤᠨ ᠬᠡᠷᠡᠭ ᠶᠠᠪᠤᠳᠠᠯ ᠢ ᠬᠠᠮᠢᠶᠠᠷᠬᠤ ᠡᠷᠬᠡ | ᠲᠤᠰᠢᠶᠠᠯ ᠢᠶᠠᠨ ᠬᠡᠷᠡᠭᠵᠢᠭᠦᠯᠬᠦ ᠶᠡᠭᠡ ᠬᠤᠷᠠᠯ ᠪᠣᠯᠣᠨ᠎ᠠ᠃ ᠬᠤᠰᠢᠭᠤᠨ ᠤ ᠨᠠᠮ ᠤᠨ ᠬᠤᠷᠢᠶ᠎ᠠ ᠪᠣᠯᠣᠨ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠰ ᠤᠳᠠᠭᠠᠨ ᠤ ᠬᠤᠷᠠᠯ ᠳᠤ ᠶᠡᠭᠡ ᠬᠦᠰᠡᠯ ᠡᠷᠡᠮᠡᠯᠵᠡᠯ | ᠲᠠᠯᠪᠢᠵᠤ᠂ ᠡᠯ᠎ᠡ ᠪᠡᠯᠡᠳᠬᠡᠯ ᠳᠤᠭᠤᠶᠢᠯᠠᠩ ᠤᠨ ᠬᠢᠨ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ ᠨᠠᠷᠢᠨ | ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠤᠨ ᠶᠠᠪᠤᠴᠠ ᠪᠠᠨ ᠨᠠᠷᠢᠯᠢᠭᠵᠢᠭᠤᠯᠤᠨ᠂ ᠡᠳᠦᠷ | ᠳᠣᠲᠤᠮ ᠤᠨ ᠳᠠᠷᠠᠭᠠᠯᠠᠯ ᠲᠠᠢ ᠬᠠᠷᠢᠴᠠᠭᠤᠯᠤᠨ ᠠᠬᠢᠭᠤᠯᠵᠤ᠂ ᠠᠵᠢᠯ ᠤᠨ ᠡᠭᠦᠷᠭᠡ ᠪᠠᠨ ᠵᠦᠢᠯ ᠳᠠᠷᠠᠭᠠᠯᠠᠨ ᠵᠠᠳᠠᠯᠵᠤ᠂ | ᠬᠠᠷᠢᠭᠤᠴᠠᠯᠭ᠎ᠠ ᠶᠢ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ᠃ ᠵᠣᠬᠢᠴᠠᠭᠤᠯᠤᠨ ᠨᠡᠪᠲᠡᠷᠡᠯᠴᠡᠬᠦ᠂ | ᠬᠠᠷᠢᠯᠴᠠᠨ ᠬᠠᠮᠵᠢᠯᠴᠠᠬᠤ᠂ ᠬᠦᠴᠦ ᠪᠠᠨ ᠬᠠᠮᠲᠤᠳᠬᠠᠨ ᠬᠠᠮᠵᠢᠯᠴᠠᠬᠤ ᠶᠢ ᠴᠢᠬᠤᠯᠠᠴᠢᠯᠠᠵᠤ᠂ ᠬᠥᠨᠳᠡᠯᠡᠨ ᠢᠶᠠᠷ | ᠳᠠᠮᠵᠢᠭᠤᠯᠬᠤ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ | ᠂ ᠵᠣᠬᠢᠴᠠᠭᠤᠯᠤᠨ ᠡᠵᠡᠮᠳᠡᠭᠰᠡᠨ ᠨᠢ ᠬᠦᠴᠦᠲᠡᠢ ᠪᠠᠶᠢᠬᠤ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠪᠠᠨ ᠴᠢᠩᠳᠠᠯᠠᠵᠤ | ᠂ ᠠᠵᠢᠯ ᠤᠨ ᠰᠤᠷᠲᠠᠯ ᠢᠶᠠᠨ ᠴᠢᠩᠭᠠᠳᠬᠠᠨ᠂ ᠤᠳᠤᠷᠢᠳᠤᠯᠭ᠎ᠠ ᠪᠠᠨ ᠴᠢᠩᠭᠠᠳᠬᠠᠨ᠂ ᠦᠵᠡᠯ ᠰᠠᠨᠠᠭᠠᠨ ᠤ | ᠲᠠᠨᠢᠯᠲᠠ ᠪᠠᠨ ᠴᠢᠩᠭᠠᠳᠬᠠᠵᠤ᠂ ᠡᠯ᠎ᠡ ᠳᠤᠭᠤᠶᠢᠯᠠᠩ ᠤᠨ ᠳᠠᠷᠤᠭ᠎ᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠬᠢᠨᠠᠮᠠᠭᠠᠢ ᠬᠠᠷᠢᠭᠤᠴᠠᠨ᠂ ᠤᠷᠢᠳᠴᠢᠯᠠᠨ ᠲᠥᠯᠥᠪᠯᠡᠵᠦ᠂ ᠤᠯᠠᠨ ᠲᠠᠯ᠎ᠠ ᠪᠠᠷ ᠪᠣᠳᠣᠯᠬᠢᠯᠠᠨ᠂ ᠰᠢᠯᠢᠳᠡᠭ | ᠦᠢᠯᠡᠴᠢᠯᠡᠭᠡ᠂ ᠲᠡᠷᠢᠭᠦᠨ ᠤ ᠠᠵᠢᠯ ᠢᠶᠠᠷ ᠪᠡᠯᠡᠳᠬᠡᠯ ᠠᠵᠢᠯ ᠤᠨ ᠡᠯ᠎ᠡ ᠵᠦᠢᠯ ᠤᠨ ᠡᠭᠦᠷᠭᠡ ᠢᠶᠠᠨ ᠪᠡᠶᠡᠯᠡᠭᠦᠯᠵᠦ᠂ | ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯᠳᠤᠭᠠᠨ ᠤ ᠲᠡᠭᠦᠰ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠯᠢ ᠴᠧᠩ ᠭᠦᠸᠧ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠶᠡᠭᠡ ᠬᠤᠷᠠᠯ ᠤᠨ ᠨᠠᠷᠢᠨ | ᠪᠢᠴᠢᠭ ᠤᠨ ᠭᠠᠵᠠᠷ ᠵᠢᠴᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠭᠡᠰᠢᠭᠦᠨ ᠵᠢᠴᠢ ᠡᠯ᠎ᠡ | ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠤᠩᠰᠢᠨ ᠨᠡᠶᠢᠲᠡᠯᠡᠵᠦ᠂ ᠬᠤᠯᠪᠣᠭᠳᠠᠯ ᠪᠦᠬᠦᠢ ᠬᠡᠷᠡᠭ ᠶᠠᠪᠤᠳᠠᠯ ᠢ | ᠪᠣᠲᠠᠲᠠᠢ ᠶᠠᠷᠢᠯᠴᠠᠨ ᠰᠤᠳᠤᠯᠬᠤ ᠶᠢᠨ ᠬᠠᠮᠲᠤ ᠬᠠᠮᠢᠶ᠎ᠠ ᠪᠦᠬᠦᠢ ᠪᠡᠯᠡᠳᠬᠡᠯ ᠠᠵᠢᠯ ᠢ ᠲᠠᠬᠢᠨ ᠪᠠᠶᠢᠷᠢᠯᠠᠭᠤᠯᠵᠤ᠂ | ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠠᠷᠢᠮᠵᠢᠶ᠎ᠠ ᠶᠢ ᠴᠢᠩᠳᠠᠯᠠᠵᠤ᠂ ᠠᠵᠢᠯ ᠤᠨ | ᠬᠤᠪᠢᠶᠠᠷᠢᠯᠠᠯ ᠢᠶᠠᠨ ᠨᠠᠷᠢᠯᠢᠭᠵᠢᠭᠤᠯᠪᠠ᠃ |