| 12 ᠰᠠᠷ᠎ᠠ ᠶᠢᠨ 29 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ | ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠵᠢᠴᠢ ᠪᠥᠬᠦ | ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠬᠢᠪᠡ᠃ ᠬᠤᠷᠠᠯ ᠤᠨ ᠭᠤᠣᠯ ᠡᠭᠦᠷᠭᠡ ᠪᠣᠯ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠣ ᠬᠤᠲᠠ ᠶᠢᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | 2022 ᠣᠨ ᠤ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ᠂ | ᠬᠤᠶᠢᠰᠢᠳᠠ ᠶᠢᠨ ᠭᠤᠣᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ 2023 ᠣᠨ ᠤ ᠠᠵᠢᠯ ᠢᠶᠠᠨ | ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ | ᠪᠥᠬᠦ ᠨᠠᠮ ᠤᠨ ᠭᠡᠰᠢᠭᠦᠨ ᠺᠠᠳ᠋ᠷᠴᠤᠳ ᠢ ᠵᠣᠷᠢᠭᠵᠢᠭᠤᠯᠣᠨ ᠡᠷᠡᠯᠬᠡᠭᠯᠡᠨ ᠲᠡᠮᠡᠴᠡᠵᠦ᠂ ᠵᠣᠷᠢᠭᠲᠠᠢ ᠪᠠᠷ ᠣᠷᠣᠭᠰᠢᠯᠠᠨ᠂ | ᠣᠳᠣᠬᠢᠴᠢᠯᠠᠭᠰᠠᠨ ᠵᠠᠷᠣᠳ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠬᠦ ᠪᠠᠷ | ᠬᠦᠴᠦᠯᠡᠨ ᠴᠢᠷᠮᠠᠶᠢᠬᠤ ᠪᠣᠯᠣᠨ᠎ᠠ᠃ | ᠲᠣᠰ ᠤᠳᠠᠭᠠᠨ ᠤ ᠬᠤᠷᠠᠯ ᠳᠤ 24 ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ᠂ 7 ᠣᠷᠣᠯᠠᠭᠴᠢ | ᠭᠡᠰᠢᠭᠦᠨ ᠣᠷᠣᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠣᠷᠣᠯᠠᠭᠴᠢ ᠭᠡᠰᠢᠭᠦᠨ ᠪᠢᠰᠢ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠤ ᠭᠠᠵᠠᠷ ᠤᠨ ᠲᠠᠰ ᠤᠨ ᠤᠳᠤᠷᠢᠳᠤᠯᠭ᠎ᠠ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠳᠡᠳ᠋ ᠱᠦᠵᠢ᠂ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠭᠡᠰᠢᠭᠦᠨ᠂ ᠡᠯ᠎ᠡ | ᠰᠤᠮᠤ ᠪᠠᠯᠭᠠᠰᠤ ᠲᠠᠯᠠᠪᠠᠢ ︵ᠵᠡᠭᠡᠯᠢ ᠭᠤᠳᠤᠮᠵᠢ︶ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ | ᠬᠤᠰᠢᠭᠤᠨ ᠤ ᠰᠢᠭᠤᠳ ᠬᠠᠷᠢᠶ᠎ᠠ᠂ ᠲᠥᠪ ᠣᠷᠣᠨ ᠬᠤᠲᠠ ᠶᠢᠨ ᠰᠢᠭᠤᠳ ᠬᠠᠷᠢᠶ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ︔ ᠵᠠᠷᠢᠮ ᠬᠤᠰᠢᠭᠤᠨ ᠤ ᠠᠷᠪᠠᠨ ᠭᠤᠷᠪᠠᠳᠤᠭᠠᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢᠳ | ᠬᠤᠷᠠᠯ ᠳᠤ ᠰᠤᠯᠠ ᠣᠷᠣᠯᠴᠠᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠷᠠᠯ ᠡᠷᠭᠢᠯᠡᠭᠰᠡᠨ ᠪᠥᠭᠡᠳ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠪᠥᠬᠦᠳᠡ ᠬᠤᠷᠠᠯ ᠳᠤ ᠪᠠᠶᠢᠩᠭᠤ ᠶᠢᠨ | ᠬᠤᠷᠢᠶᠠᠨ ᠤ ᠠᠵᠢᠯ ᠢᠶᠠᠨ ᠮᠡᠳᠡᠭᠦᠯᠵᠦ᠂ 2023 ᠣᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ 2023 | ᠣᠨ ᠤ ᠪᠦᠭᠦ ᠬᠤᠰᠢᠭᠤᠨ ᠤ ᠠᠵᠤ ᠠᠬᠤᠢ ᠶᠢᠨ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠪᠡ᠃ | | | |