ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2022/12/30
           ︵2022 ᠣᠨ ᠤ 12 ᠰᠠᠷ᠎ᠠ ᠶᠢᠨ 29  ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ ᠠᠴᠠ ᠪᠠᠲᠤᠯᠠᠪᠠ︶          ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ 2022 ᠣᠨ ᠤ 12 ᠰᠠᠷ᠎ᠠ ᠶᠢᠨ 29 ᠤ ᠡᠳᠦᠷ ᠬᠤᠷᠠᠯᠳᠤᠪᠠ᠃     ᠲᠣᠰ ᠤᠳᠠᠭᠠᠨ ᠤ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 24 ᠬᠥᠮᠥᠨ᠂ ᠣᠷᠣᠯᠠᠭᠴᠢ ᠭᠡᠰᠢᠭᠦᠨ 7 ᠬᠥᠮᠥᠨ ᠤᠷᠤᠯᠴᠠᠪᠠ᠃ ᠬᠤᠰᠢᠭᠤᠨ ᠤ ᠬᠠᠮᠢᠶ᠎ᠠ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠠᠮᠢᠶ᠎ᠠ ᠪᠦᠬᠦᠢ  ᠬᠠᠷᠢᠭᠤᠴᠠᠯᠭᠠᠲᠠᠨ ᠨᠥᠬᠦᠳ᠂ ᠬᠤᠰᠢᠭᠤᠨ ᠤ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠠᠷᠢᠮ ᠦᠨᠳᠦᠰᠦᠨ ᠱᠠᠲᠤᠨ ᠤ ᠲᠥᠯᠥᠭᠡᠯᠡᠭᠴᠢ᠂ ᠠᠵᠤ ᠠᠬᠤᠶᠢᠯᠠᠯᠲᠠᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠲᠡᠳ᠋ ᠳᠠᠷᠤᠭ᠎ᠠ ᠪᠠᠲᠤ ᠲᠤᠰ ᠪᠦᠷᠢ ᠶᠠᠷᠢᠶ᠎ᠠ ᠲᠠᠯᠪᠢᠪᠠ᠃     ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠦ᠂ ᠱᠣᠣ ᠶᠠᠨ ᠵᠢᠶᠦ᠋ᠨ ᠨᠦᠬᠦᠷ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ 2022 ᠣᠨ ᠤ ᠠᠵᠢᠯ ᠢᠶᠠᠨ ᠳ᠋ᠦᠩᠨᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠤᠬᠠᠢ ᠪᠠ 2023 ᠣᠨ ᠤ ᠪᠦᠭᠦ ᠬᠤᠰᠢᠭᠤᠨ ᠤ ᠠᠵᠤ ᠠᠬᠤᠢ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠳᠠᠯᠠᠪᠠ᠃ ᠤᠯᠠᠨ ᠢᠶᠠᠷ ᠢᠶᠠᠨ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠮᠲᠤ ᠪᠠᠷ ᠴᠢᠷᠮᠠᠶᠢᠵᠤ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ  ᠭᠦᠢᠴᠡᠳᠭᠡᠪᠡ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠭᠦᠨᠵᠡᠭᠡᠢ ᠪᠣᠳᠣᠯᠬᠢᠯᠠᠵᠤ᠂ ᠴᠢᠬᠤᠯᠠ ᠵᠤᠶᠢᠯ ᠢ ᠠᠳᠬᠤᠨ᠂ ᠪᠣᠳᠠᠲᠠᠢ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠲᠡᠭᠡᠭᠰᠢᠯᠡᠨ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠪᠣᠳᠠᠲᠤ ᠦᠷ᠎ᠡ ᠪᠦᠲᠦᠮᠵᠢ ᠤᠯᠵᠦ᠂ ᠥᠭᠡᠷᠡᠴᠢᠯᠡᠯᠲᠡ ᠨᠡᠭᠡᠭᠡᠯᠲᠡ ᠶᠢᠨ ᠬᠥᠳᠡᠯᠭᠡᠭᠦ ᠬᠦᠴᠦᠨ ᠢᠯᠡᠳᠲᠡ ᠴᠢᠩᠭᠠᠷᠠᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠲᠠᠰᠤᠷᠠᠯᠲᠠ ᠦᠭᠡᠢ ᠲᠡᠭᠡᠭᠰᠢᠯᠡᠨ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠲᠠᠢ ᠪᠤᠯᠪᠠ ᠭᠡᠵᠦ ᠰᠠᠨᠠᠯ ᠨᠢᠭᠡᠳᠠᠢ ᠦᠵᠡᠪᠡ᠃     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠬᠤᠰᠢᠭᠤ ᠲᠠᠶᠠᠭᠠᠷ ᠢᠶᠠᠷ ᠢᠶᠠᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠲᠣᠬᠢᠷᠠᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠡᠷᠬᠡᠪᠰᠢ ᠰᠤᠷᠤᠯᠴᠠᠨ ᠤᠬᠠᠭᠤᠯᠬᠤ᠂ ᠪᠦᠬᠦ ᠲᠠᠯ᠎ᠠ ᠪᠠᠷ ᠡᠵᠡᠮᠰᠢᠬᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠬᠤᠰᠢᠭᠤ ᠲᠠᠶᠠᠭᠠᠷ ᠢᠶᠠᠷ ᠢᠶᠠᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠪᠣᠳᠠᠰ ᠤᠨ ᠰᠠᠭᠤᠷᠢ ᠶᠢ ᠪᠠᠲᠤᠳᠬᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠭᠤᠣᠯ ᠡᠭᠦᠷᠭᠡ ᠪᠣᠯᠭᠠᠵᠤ᠂ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠢ ᠣᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠭᠠᠵᠠᠷ ᠤᠨᠠᠵᠦ ᠦᠨᠳᠦᠰᠦᠯᠡᠭᠦᠯᠵᠦ᠂ ᠴᠡᠴᠡᠭᠯᠡᠨ ᠦᠷ᠎ᠡ ᠵᠢᠮᠢᠰ ᠰᠠᠭᠤᠬᠤ ᠶᠢ ᠠᠬᠢᠭᠤᠯᠬᠤ ᠬᠡᠷᠡᠭᠲᠡᠢ ᠭᠡᠪᠡ᠃     ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠲᠦᠷᠦᠭᠦᠬᠡᠨ ᠬᠤᠷᠠᠯᠳᠤᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠣᠳᠣᠬᠠᠨ ᠤ ᠠᠵᠤ ᠠᠬᠤᠢ ᠶᠢᠨ ᠪᠠᠶᠢᠳᠠᠯ ᠳᠤ ᠭᠦᠨᠵᠡᠭᠡᠢ ᠵᠠᠳᠠᠯᠤᠯᠲᠠ ᠬᠢᠵᠦ᠂ ᠢᠷᠡᠬᠦ ᠵᠢᠯ ᠤᠨ ᠠᠵᠤ ᠠᠬᠤᠢ ᠶᠢᠨ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠪᠢᠳᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠲᠦᠯᠬᠢᠨ ᠠᠬᠢᠭᠤᠯᠬᠤ ᠳᠤ ᠲᠣᠳᠣᠷᠬᠠᠢ ᠵᠦᠭᠯᠡᠭᠦᠷ ᠪᠤᠯᠵᠦ᠂ ᠵᠢᠷᠤᠮᠯᠠᠯ ᠬᠠᠩᠭᠠᠭᠰᠠᠨ ᠪᠠᠶᠢᠨ᠎ᠠ᠃ ᠪᠦᠬᠦ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠠᠷᠠᠭ᠎ᠠ ᠵᠢᠯ ᠤᠨ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠪᠣᠯᠣᠨ ᠲᠦᠩᠯᠢᠶᠣᠣ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠰᠢᠭᠤᠨ ᠤ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ  ᠶᠡᠭᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠪᠠᠷ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠦᠷᠢᠯᠳᠤᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠨ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠨ ᠲᠦᠯᠤᠪᠵᠢᠭᠦᠯᠵᠦ ᠂ ᠠᠷᠠᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠦᠨᠡᠨᠬᠦ ᠪᠠᠲᠤ ᠰᠠᠬᠢᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ ᠶᠢ ᠭᠤᠶᠢᠪᠢᠰᠢ ᠦᠭᠡᠢ ᠰᠠᠶᠢᠲᠤᠷ ᠠᠳᠬᠤᠵᠤ᠂ ᠦᠷᠭᠦᠯᠵᠢᠯᠡᠨ ᠪᠣᠭᠤᠮᠲᠠ ᠰᠢᠪᠲᠤᠯᠤᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠵᠦ᠂ ︽ᠠᠷᠪᠠᠨ ᠠᠵᠤ ᠦᠢᠯᠡᠰ︾  ᠢ ᠬᠦᠴᠦᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠠᠷᠭ᠎ᠠ ᠵᠠᠮ ᠰᠦᠪᠡᠭᠴᠢᠯᠡᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠢ ᠪᠦᠬᠦ ᠲᠠᠯ᠎ᠠ ᠪᠠᠷ ᠵᠣᠬᠢᠰᠲᠠᠢ ᠣᠷᠣᠨ ᠵᠠᠢ ᠳᠤ ᠪᠤᠴᠠᠭᠠᠬᠤ ᠶᠢ ᠠᠬᠢᠭᠤᠯᠵᠤ᠂ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ᠂ ᠤᠳᠤᠬᠢᠴᠢᠯᠠᠭᠰᠠᠨ ᠵᠠᠷᠤᠳ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠤᠯᠭᠠᠨ᠎ᠠ᠃     ᠪᠥᠬᠦᠳᠡ ᠬᠤᠷᠠᠯ ᠠᠴᠠ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠤᠯ ᠡᠭᠦᠷᠭᠡ ᠶᠢ ᠲᠣᠳᠣᠷᠬᠠᠢ ᠲᠣᠭᠲᠠᠭᠠᠪᠠ᠃ ᠨᠢᠭᠡ ᠳᠤ᠂ ︽ᠦᠭᠡᠷ ᠲᠡᠷᠭᠡ ᠪᠠᠷ ᠲᠠᠤᠯᠠᠢ ᠬᠦᠢᠴᠡᠬᠦ᠂ ᠪᠣᠭᠤᠮᠲᠠ ᠰᠢᠪᠳᠤᠯᠬᠤ︾ ᠡᠷᠴᠢ ᠵᠣᠷᠢᠭ ᠢ ᠢᠮᠠᠭᠲᠠ ᠪᠠᠷᠢᠮᠲᠠᠯᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠡᠩ ᠤᠯᠠᠨ ᠲᠠᠯ᠎ᠠ ᠪᠠᠷ ᠲᠤᠯᠭᠠᠭᠤᠷᠢᠯᠠᠭᠰᠠᠨ ᠠᠵᠤ ᠦᠢᠯᠡᠰ ᠤᠨ ᠰᠢᠰᠲ᠋ᠧᠮ ᠢ ᠴᠣᠭᠴᠠᠯᠠᠨ ᠪᠠᠶᠢᠭᠤᠯᠬᠤ ᠬᠡᠷᠡᠭᠲᠡᠢ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢᠶᠠᠨ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ︽ᠠᠷᠪᠠᠨ ᠠᠵᠤ ᠦᠢᠯᠡᠰ︾ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠤᠯᠠᠨ ᠴᠡᠭ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠤᠢ ᠪᠣᠯᠭᠠᠨ᠎ᠠ᠃ ᠬᠤᠶᠠᠷ ᠲᠤ᠂ ᠢᠮᠠᠭᠳᠠ ︽ᠴᠤᠭ ᠪᠠᠳᠠᠷᠠᠩᠭᠤᠢ ᠪᠠᠷ ᠥᠭᠡᠳᠡᠯᠡᠨ ᠳᠠᠪᠰᠢᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ︾ ᠡᠷᠴᠢ ᠵᠣᠷᠢᠭ ᠢ ᠪᠠᠷᠢᠮᠲᠠᠯᠠᠵᠤ᠂ ᠨᠡᠩ ᠶᠡᠭᠡ ᠡᠷᠴᠢ ᠵᠣᠷᠢᠭ ᠢᠶᠠᠷ ᠬᠥᠭᠵᠢᠨ ᠴᠡᠴᠡᠭᠯᠡᠭᠰᠡᠨ ᠪᠡᠯᠡ ᠲᠠᠳᠠᠬᠤ ᠬᠠᠯᠠᠭᠤᠨ ᠬᠥᠷᠥᠰᠥ ᠶᠢ ᠴᠣᠭᠴᠠᠯᠠᠨ᠎ᠠ᠃ ᠠᠵᠤ ᠦᠢᠯᠡᠰ ᠬᠥᠭᠵᠢᠪᠡᠯ ᠠᠵᠤ ᠠᠬᠤᠢ ᠬᠥᠭᠵᠢᠵᠦ᠂ ᠠᠵᠤ ᠦᠢᠯᠡᠰ ᠬᠦᠴᠦᠷᠬᠡᠭᠵᠢᠪᠡᠯ ᠠᠵᠤ ᠠᠬᠤᠢ ᠬᠦᠴᠦᠷᠬᠡᠭᠵᠢᠨ᠎ᠡ᠃ ᠣᠨ ᠤ ᠪᠡᠯᠡ ᠣᠷᠣᠭᠤᠯᠤᠯᠲᠠ ᠶᠢᠨ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠪᠦᠬᠦ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠴᠢᠨᠠᠷ ᠰᠠᠶᠢᠲᠠᠢ ᠬᠥᠭᠵᠢᠯᠲᠡ ᠶᠢᠨ ︽  ᠬᠤᠷᠳᠤᠳᠬᠠᠯ︾ ᠢ ᠪᠦᠬᠦ ᠬᠦᠴᠦᠨ ᠢᠶᠠᠷ ᠢᠶᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠴᠠᠭ ᠢᠮᠠᠭᠲᠠ ︽ᠲᠤᠰᠤᠯ ᠤᠰᠤ ᠴᠢᠯᠠᠭᠤ ᠶᠢ ᠴᠤᠭᠤᠯᠬᠤ᠂ ᠰᠢᠨᠲᠠᠷᠠᠰᠢ ᠦᠭᠡᠢ ᠪᠠᠷᠢᠮᠲᠠᠯᠠᠬᠤ︾ ᠬᠠᠳᠠᠨ ᠵᠣᠷᠢᠭ ᠢ ᠪᠠᠷᠢᠮᠲᠠᠯᠠᠵᠤ᠂ ᠨᠡᠩ ᠶᠡᠭᠡ ᠡᠷᠴᠢᠮ ᠢᠶᠠᠷ ᠠᠭᠤᠯᠠ ᠨᠢ ᠬᠦᠭᠡ ᠤᠰᠤ ᠨᠢ ᠲᠤᠩᠭᠠᠯᠠᠭ ᠪᠤᠬᠢᠷᠳᠤᠯ ᠦᠭᠡᠢ ᠭᠡᠷ ᠣᠷᠣᠨ ᠢᠶᠠᠨ ᠴᠣᠭᠴᠠᠯᠠᠨ  ᠪᠠᠶᠢᠭᠤᠯᠤᠨ᠎ᠠ᠃ ︽ᠬᠦᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ ᠶᠢ ᠠᠬᠢᠭᠤᠯᠵᠤ᠂ ᠴᠢᠨᠠᠷ ᠰᠠᠶᠢᠲᠠᠢ ᠠᠮᠢ ᠠᠬᠤᠢ ᠶᠢᠨ ᠣᠷᠴᠢᠨ ᠲᠣᠭᠤᠷᠢᠨ ᠢ ᠬᠤᠰᠢᠭᠤ ᠪᠠᠨ ᠬᠦᠴᠦᠷᠬᠡᠭᠵᠢᠭᠦᠯᠬᠦ ᠶᠢᠨ ᠰᠠᠭᠤᠷᠢ᠂ ᠬᠥᠭᠵᠢᠯᠲᠡ ᠶᠢᠨ ᠡᠬᠢ ᠰᠤᠷᠪᠤᠯᠵᠢ ᠪᠣᠯᠭᠠᠬᠤ ᠬᠡᠷᠡᠭᠲᠡᠢ᠃ ᠳᠥᠷᠪᠡ ᠳᠤ᠂ ᠢᠮᠠᠭᠲᠠ ︽ᠬᠦᠴᠢᠷ ᠢ ᠰᠥᠷᠦᠨ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ︾ ᠡᠷᠴᠢ ᠵᠣᠷᠢᠭ ᠢ ᠪᠠᠷᠢᠮᠲᠠᠯᠠᠵᠤ᠂ ᠨᠡᠩ ᠥᠨᠳᠥᠷ ᠱᠠᠭᠠᠷᠳᠠᠯᠭ᠎ᠠ ᠪᠠᠷ ᠬᠤᠳᠠ ᠬᠥᠳᠡᠭᠡ  ᠵᠤᠬᠢᠴᠠᠨ ᠬᠦᠭᠵᠢᠬᠦ ᠳᠤ ᠪᠠᠲᠤ ᠪᠠᠬᠢ ᠰᠠᠭᠤᠷᠢ ᠲᠠᠯᠪᠢᠨ᠎ᠠ᠃ ᠬᠤᠳᠠ ᠬᠥᠳᠡᠭᠡ ᠣᠷᠣᠨ ᠪᠦᠰᠡ ᠶᠢᠨ ᠵᠤᠬᠢᠴᠠᠨ ᠬᠦᠭᠵᠢᠬᠦ ᠶᠢ ᠠᠬᠢᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠳᠠ ᠬᠥᠳᠡᠭᠡ ᠶᠢᠨ ᠲᠥᠯᠦᠪᠵᠢᠭᠦᠯᠭᠡ ᠪᠠᠶᠢᠷᠢᠰᠢᠭᠤᠯᠤᠯᠲᠠ᠂ ᠴᠢᠬᠤᠯᠠ  ᠬᠦᠴᠤᠨ ᠵᠤᠶᠢᠯ ᠤᠨ ᠲᠣᠬᠢᠷᠠᠭᠤᠯᠤᠯᠲᠠ᠂ ᠠᠵᠤ ᠦᠢᠯᠡᠰ ᠤᠨ ᠬᠥᠭᠵᠢᠯᠲᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠵᠢᠯᠴᠠᠨ ᠬᠥᠭᠵᠢᠬᠦ ᠶᠢ ᠠᠬᠢᠭᠤᠯᠵᠤ᠂ ᠬᠤᠳᠠ ᠬᠥᠳᠡᠭᠡ ᠳᠤ ᠦᠢᠯᠡᠰ ᠪᠣᠰᠬᠠᠬᠤ ᠳᠤ ᠲᠣᠬᠢᠷᠠᠮᠵᠢᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠠᠪᠤ ᠳᠤ᠂ ᠢᠮᠠᠭᠲᠠ ︽ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠬᠤ︾ ᠭᠠᠪᠰᠢᠭᠠᠶᠢᠯᠠᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠭᠰᠠᠨ ᠵᠣᠯ ᠵᠢᠷᠭᠠᠯᠲᠤ ᠭᠠᠵᠠᠷ ᠣᠷᠣᠨ ᠢ ᠴᠣᠭᠴᠠᠯᠠᠨ ᠪᠠᠶᠢᠭᠤᠯᠬᠤ ᠶᠢ ᠦᠨᠡᠨᠬᠦ ᠪᠠᠳᠤᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠺᠠᠳ᠋ᠷ ᠤᠨ ᠰᠢᠷᠭᠠᠭᠤ ᠲᠡᠮᠡᠴᠡᠭᠰᠡᠨ ᠵᠢᠭᠠᠯᠲᠠ ᠲᠤᠭ᠎ᠠ ᠪᠠᠷ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠤᠯᠢᠬᠤ ᠪᠠᠷ ᠴᠢᠷᠮᠠᠶᠢᠵᠤ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠲᠦᠮᠡᠨ ᠳᠤ ᠬᠦᠷᠲᠡᠭᠡᠨ᠎ᠡ ᠭᠡᠪᠡ᠃     ᠪᠦᠬᠦᠳᠡ ᠬᠤᠷᠠᠯ ᠠᠴᠠ᠂ ᠨᠠᠮ ᠤᠨ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠠᠵᠤ ᠠᠬᠤᠢ ᠶᠢᠨ ᠠᠵᠢᠯ ᠢ ᠤᠳᠤᠷᠢᠳᠬᠤ ᠳᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠴᠠᠭ ᠢᠮᠠᠭᠲᠠ ᠬᠡᠬᠦᠳᠡᠭ ᠴᠡᠭᠡᠵᠢᠨ ᠳᠡᠭᠡᠨ ︽ᠬᠤᠶᠠᠷ ᠪᠦᠬᠦ ᠲᠠᠯ᠎ᠠ︾  ᠶᠢ ᠪᠠᠭᠲᠠᠭᠠᠵᠤ᠂ ᠤᠯᠤᠰ ᠲᠦᠷᠦ ᠦᠵᠡᠯ ᠰᠠᠨᠠᠭ᠎ᠠ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠦᠨᠡᠨᠴᠢ ᠰᠢᠳᠤᠷᠭᠤ ᠪᠠᠷ ᠬᠦᠷᠢᠶᠡᠯᠡᠬᠦ ᠪᠠᠨ ᠲᠠᠰᠤᠷᠠᠯᠲᠠ ᠦᠭᠡᠢ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠬᠤ ᠡᠷᠡᠰ ᠪᠠᠲᠤ ᠤᠬᠠᠮᠰᠠᠷᠲᠤ ᠴᠢᠨᠠᠷ ᠢᠶᠠᠨ ᠴᠢᠩᠭᠠᠳᠬᠠᠵᠤ᠂ ᠲᠡᠭᠦᠨ ᠢ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠬᠥᠭᠵᠢᠯᠲᠡ ᠶᠢᠨ ᠤᠶᠢᠯᠠᠭᠠᠭᠳᠠᠬᠤᠨ ᠢᠶᠠᠨ ᠲᠥᠪ ᠪᠤᠯᠭᠠᠬᠤ᠂ ︽ᠬᠥᠭᠵᠢᠯᠲᠡ ᠶᠢᠨ ᠦᠵᠡᠯᠲᠡ ᠪᠠᠨ ᠲᠥᠪ ᠪᠣᠯᠭᠠᠬᠤ︾ ᠱᠠᠭᠠᠷᠳᠠᠯᠭ᠎ᠠ ᠶᠣᠰᠣᠭᠠᠷ᠂ ︽ᠳᠣᠯᠣᠭᠠᠨ ᠵᠦᠢᠯ ᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠬᠥᠭᠵᠢᠯᠲᠡ ᠶᠢᠨ ᠦᠵᠡᠯᠲᠡ᠂ ᠠᠯᠪᠠᠨ ᠠᠮᠵᠢᠯᠲᠠ ᠶᠢᠨ ᠦᠵᠡᠯᠲᠡ ᠶᠢ ᠨᠢ ᠲᠥᠪ ᠪᠣᠯᠭᠠᠵᠤ᠂ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠣᠷᠣᠭᠤᠯᠵᠤ᠂ ᠬᠤᠷᠠᠯ ᠤᠯᠠᠨ᠂ ᠠᠵᠢᠯᠯᠠᠭ᠎ᠠ ᠤᠯᠠᠨ᠂ ᠭᠠᠳᠠᠭᠰᠢ ᠭᠠᠷᠬᠤ ᠨᠢ ᠤᠯᠠᠨ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠥᠭᠡᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠵᠡᠷᠭᠡ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠤᠷᠢᠭᠵᠢᠭᠤᠯᠬᠤ ᠠᠵᠢᠯ ᠬᠢᠬᠦ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠢ᠃ ᠣᠳᠣᠬᠠᠨ ᠳᠤ᠂ ᠨᠡᠭᠡᠨ ᠭᠦᠢᠴᠡᠬᠦ ᠲᠠᠪᠠᠨ ᠭᠠᠷᠬᠤ ᠪᠠᠨ ᠲᠦᠷᠭᠡᠳᠬᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠭᠦᠷᠭᠡ ᠬᠦᠨᠳᠤ ᠪᠠᠶᠢᠨ᠎ᠠ᠂ ᠴᠠᠭ ᠪᠢᠳᠡᠨ ᠢ ᠬᠦᠯᠢᠶᠡᠬᠦ ᠦᠭᠡᠢ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠡᠷᠭᠡᠪᠰᠢ ᠥᠪᠡᠷ ᠤᠨ ᠪᠠᠶᠢᠷᠢ ᠳᠠᠭᠠᠨ ᠠᠵᠢᠯ ᠶᠠᠪᠤᠳᠠᠯ ᠢ ᠪᠣᠳᠣᠯᠬᠢᠯᠠᠵᠤ᠂ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠦᠯᠢᠶᠡᠵᠦ ᠠᠪᠤᠮᠠᠭᠴᠠ ᠭᠠᠷ ᠬᠥᠳᠡᠯᠵᠦ ᠠᠵᠢᠯᠯᠠᠵᠦ᠂ ᠦᠨᠢᠳᠡ ᠠᠵᠢᠯᠯᠠᠵᠦ ᠵᠣᠭᠰᠣᠯ ᠦᠭᠡᠢ ᠶᠠᠪᠤᠵᠤ᠂ ᠠᠵᠢᠯ ᠨᠢᠭᠡᠪᠦᠷᠢ ᠶᠢ ᠴᠥᠮ ᠲᠡᠷᠡ ᠳᠠᠷᠤᠢ ᠳᠤᠨᠢ ᠡᠬᠢᠯᠡᠭᠦᠯᠵᠦ᠂ ᠬᠠᠮᠤᠭ ᠤᠨ ᠥᠨᠳᠥᠷ ᠦᠷ᠎ᠡ ᠪᠦᠲᠦᠮᠵᠢ ᠲᠠᠢ ᠪᠠᠷ ᠲᠦᠯᠬᠢᠨ ᠠᠬᠢᠭᠤᠯᠵᠤ᠂ ᠬᠠᠮᠤᠭ ᠤᠨ ᠰᠠᠶᠢᠨ ᠦᠷ᠎ᠡ ᠪᠦᠲᠦᠮᠵᠢ ᠶᠢ ᠢᠯᠡᠷᠡᠭᠦᠯᠬᠦ ᠪᠠᠷ ᠴᠢᠷᠮᠠᠶᠢᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠴᠢᠩᠭ᠎ᠠ ᠭᠡᠬᠦ ᠭᠤᠣᠯ ᠬᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ  ᠢᠶᠠᠨ ᠪᠠᠳᠤᠳᠬᠠᠵᠦ᠂ ᠲᠥᠪ ᠬᠤᠷᠢᠶᠠᠨ ᠤ ︽ᠨᠠᠢᠮᠠᠨ ᠵᠦᠢᠯ ᠤᠨ ᠲᠣᠭᠲᠠᠭᠠᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠨ᠂ ︽ᠭᠤᠷᠪᠠᠨ ᠢᠯᠵᠠᠷᠠᠬᠤ ᠦᠭᠡᠢ︾ ᠲᠣᠭᠲᠠᠴᠠ ᠶᠢ ᠲᠡᠭᠦᠯᠳᠡᠷᠵᠢᠭᠦᠯᠦᠨ ᠨᠢᠭᠡ ᠴᠣᠭᠴᠠᠵᠢᠭᠤᠯᠤᠨ ᠲᠦᠯᠬᠢᠨ ᠠᠬᠢᠭᠤᠯᠵᠤ᠂ ᠢᠯᠵᠠᠷᠠᠯ ᠢ ᠡᠰᠡᠷᠭᠦᠴᠡᠭᠰᠡᠨ ᠲᠡᠮᠡᠴᠡᠯ ᠤᠨ ᠢᠯᠠᠯᠲᠠ ᠶᠢᠨ ᠦᠷ᠎ᠡ ᠪᠦᠳᠤᠭᠡᠯ ᠢᠶᠠᠨ ᠪᠠᠬᠢᠵᠢᠭᠦᠯᠦᠨ ᠬᠦᠭᠵᠢᠭᠦᠯᠬᠦ ᠬᠡᠷᠡᠭᠳᠠᠢ ᠭᠡᠵᠦ ᠴᠢᠩᠭᠠᠳᠬᠠᠪᠠ᠃     ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠯᠬᠡᠭᠯᠡᠨ ᠲᠡᠮᠡᠴᠡᠵᠦ᠂ ᠵᠤᠷᠢᠭᠳᠠᠢ ᠤᠷᠤᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠣᠳᠣᠬᠢᠴᠢᠯᠠᠭᠰᠠᠨ  ᠵᠠᠷᠤᠳ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号