ᠥᠷᠭᠡᠨ ᠤᠯᠠᠨ ᠬᠤᠳᠠ ᠶᠢᠨ ᠠᠷᠠᠳ ᠲᠤ᠄ | ᠣᠶᠢᠷ᠎ᠠ ᠶᠢᠨ ᠬᠤᠭᠤᠴᠠᠭᠠᠨ ᠳᠤ᠂ ᠪᠥᠬᠦ ᠤᠯᠤᠰ ᠤᠨ ᠣᠯᠠᠨ ᠭᠠᠵᠠᠷ ᠲᠤ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠡᠪᠡᠳᠴᠢᠨ ᠤ ᠵᠢᠱᠢᠶ᠎ᠡ ᠪᠠ ᠴᠤᠭᠯᠠᠷᠠᠯ ᠤᠨ ᠴᠢᠨᠠᠷᠲᠠᠢ ᠬᠢᠵᠢᠭ ᠢᠯᠡᠷᠡᠪᠡ᠂ 2 ᠰᠠᠷ᠎ᠠ ᠶᠢᠨ 15 ᠤ | ᠡᠳᠦᠷ ᠮᠠᠨᠵᠤᠤᠷ ᠬᠤᠲᠠ ᠶᠢᠨ ᠬᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠲᠤᠮᠳᠠ ᠠᠷᠭ᠎ᠠ ᠴᠢᠨᠠᠷᠲᠠᠢ 5 ᠬᠥᠮᠥᠨ ᠪᠠᠶᠢᠬᠤ ᠶᠢ ᠢᠯᠡᠷᠡᠭᠦᠯᠪᠡ᠃ 2 ᠰᠠᠷ᠎ᠠ ᠶᠢᠨ 10 ᠤ | ᠡᠳᠦᠷ ᠠᠴᠠ ᠨᠠᠰᠢ ᠰᠦᠵᠧᠦ ᠬᠤᠲᠠ ᠶᠢᠨ ᠬᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ | 8 ᠡᠪᠡᠳᠴᠢᠨ ᠤ ᠵᠢᠱᠢᠶ᠎ᠡ ᠪᠣᠯᠣᠨ ᠡᠪᠡᠳᠴᠢᠨ ᠤ ᠢᠯᠡᠷᠡᠯ ᠦᠭᠡᠢ 5 ᠬᠠᠯᠳᠠᠪᠤᠷᠢᠯᠠᠭᠰᠠᠳ ᠢ ᠢᠯᠡᠷᠡᠭᠦᠯᠪᠡ᠃ ᠮᠠᠨ ᠤ | ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠬᠦᠨᠳᠦ ᠬᠡᠴᠡᠭᠦᠦ ᠪᠠᠶᠢᠨ᠎ᠠ᠂ ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠪᠦᠬᠦ ᠬᠤᠲᠠ ᠶᠢᠨ ᠠᠷᠠᠳ ᠣᠯᠠᠨ ᠤ ᠠᠮᠢ ᠨᠠᠰᠤ ᠠᠮᠤᠷ | ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠥᠯᠥᠭᠡ᠂ ᠳᠣᠣᠷᠠᠬᠢ ᠮᠡᠲᠦ ᠪᠠᠴᠢᠮ | ᠰᠠᠨᠠᠭᠤᠯᠤᠶ᠎ᠠ᠄ | ᠨᠢᠭᠡ᠂ ᠠᠶᠠᠨ ᠤ ᠵᠠᠮ ᠮᠦᠷ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ᠣᠶᠢᠷ᠎ᠠ ᠶᠢᠨ 14 ᠡᠳᠦᠷ ᠤᠨ ᠳᠣᠲᠣᠷ᠎ᠠ ᠰᠦᠵᠧᠦ ᠬᠤᠲᠠ᠂ ᠮᠠᠨᠵᠤᠤᠷ ᠬᠤᠲᠠ ᠵᠡᠷᠭᠡ ᠬᠢᠵᠢᠭ ᠲᠡᠯᠭᠡᠷᠡᠭᠰᠡᠨ | ᠭᠠᠵᠠᠷ ᠲᠤ ᠵᠢᠭᠤᠯᠴᠢᠯᠠᠭᠰᠠᠨ ᠲᠡᠦᠬᠡ ᠲᠠᠢ ᠵᠢᠴᠢ ᠪᠤᠴᠠᠵᠤ ᠢᠷᠡᠭᠰᠡᠨ ᠬᠥᠮᠥᠰ ᠰᠠᠭᠤᠭ᠎ᠠ ᠭᠠᠵᠠᠷ ᠤᠨ ᠢᠶᠠᠨ ᠨᠡᠶᠢᠭᠡᠮ | ᠲᠣᠭᠤᠷᠢᠭ ︵ᠭᠠᠴᠠᠭ᠎ᠠ ᠲᠣᠰᠬᠤᠨ︶᠂ ᠠᠵᠢᠯᠯᠠᠵᠤ ᠪᠠᠶᠢᠭ᠎ᠠ ᠨᠢᠭᠡᠴᠡ ᠳᠤ ᠪᠠᠨ ᠰᠠᠨᠠᠭᠠᠴᠢᠯᠠᠭ᠎ᠠ ᠠᠴᠠ ᠪᠠᠨ | ᠮᠡᠳᠡᠭᠦᠯᠦᠨ ᠳᠠᠩᠰᠠᠯᠠᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ ᠮᠡᠳᠡᠭᠦᠯᠵᠦ᠂ | ᠠᠵᠢᠯᠯᠠᠭᠠᠨ ᠤ ᠵᠠᠮ ᠮᠥᠷ ᠪᠠ ᠬᠤᠪᠢ ᠬᠥᠮᠥᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠬᠠᠩᠭᠠᠬᠤ ᠬᠡᠷᠡᠭᠳᠠᠢ᠃ | ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠣᠷ᠎ᠠ᠂ ᠲᠠᠷᠤᠢ ᠲᠦᠷᠭᠡᠨ ᠨᠢᠭᠡ ᠤᠳᠠᠭ᠎ᠠ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠬᠡᠷᠡᠭᠳᠠᠢ᠃ ᠬᠡᠷᠪᠡ ᠬᠠᠯᠠᠭᠤᠷᠠᠬᠤ᠂ ᠬᠠᠨᠢᠶᠠᠬᠤ᠂ ᠬᠤᠭᠤᠯᠠᠢ | ᠡᠪᠡᠳᠬᠦ᠂ ᠰᠠᠭᠤᠯᠭᠠᠬᠤ᠂ ᠠᠮᠲᠠ ᠶᠢᠨ ᠰᠡᠷᠡᠯ ᠬᠡᠪ ᠤᠨ ᠪᠤᠰᠤ ᠪᠣᠯᠬᠤ ᠵᠡᠷᠭᠡ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠰᠡᠵᠢᠭ ᠲᠠᠢ ᠡᠪᠡᠳᠴᠢᠨ ᠤ ᠢᠯᠡᠷᠡᠯ ᠭᠠᠷᠪᠠᠯ᠂ ᠳᠠᠷᠤᠶᠢᠬᠠᠨ ᠬᠠᠷᠢᠶᠠᠲᠤ ᠣᠷᠣᠨ ᠤ ᠲᠤᠭᠳᠠᠭᠰᠠᠨ | ᠴᠡᠭ ᠤᠨ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠵᠦ᠂ ᠬᠢᠵᠢᠭ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠢ᠃ | ᠬᠤᠶᠠᠷ᠂ ᠬᠢᠵᠢᠭ ᠤᠨ ᠮᠡᠳᠡᠭᠡ ᠵᠠᠩᠭᠢ ᠶᠢ ᠠᠩᠬᠠᠷᠬᠤ ᠬᠡᠷᠡᠭᠲᠡᠢ᠃ ᠬᠢᠵᠢᠭ ᠤᠨ ᠪᠠᠶᠢᠳᠠᠯ ᠵᠢᠴᠢ ᠨᠢᠭᠡᠨᠳᠡ | ᠨᠡᠶᠢᠲᠡᠯᠡᠭᠰᠡᠨ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠤᠨ ᠮᠡᠳᠡᠭᠡ ᠵᠠᠩᠭᠢ ᠶᠢ ᠦᠷᠭᠦᠯᠵᠢᠯᠡᠨ ᠠᠩᠬᠠᠷᠴᠤ᠂ | ᠠᠷᠭ᠎ᠠ ᠴᠢᠨᠠᠷᠲᠠᠢ ᠬᠠᠯᠳᠠᠪᠤᠷᠢᠯᠠᠭᠰᠠᠳ ᠤᠨ ᠠᠶᠠᠯᠠᠯ ᠤᠨ ᠵᠠᠮ ᠮᠦᠷ ᠲᠠᠢ ᠲᠠᠪᠬᠤᠴᠠᠭᠰᠠᠨ᠂ ᠠᠳᠠᠯᠢ ᠴᠠᠭ ᠲᠤ | ᠠᠳᠠᠯᠢ ᠭᠠᠵᠠᠷ ᠲᠤ ᠣᠴᠢᠵᠤ ᠥᠩᠭᠡᠷᠡᠭᠰᠡᠨ᠂ ᠠᠳᠠᠯᠢ ᠡᠭᠡᠯᠵᠢ ᠶᠢᠨ ᠨᠢᠰᠬᠡᠯ ᠪᠤᠶᠤ ᠲᠡᠷᠭᠡᠨ ᠳᠤ ᠰᠠᠭᠤᠵᠤ | ᠥᠩᠭᠡᠷᠡᠭᠰᠡᠨ᠂ ᠡᠰᠡᠬᠦᠯ᠎ᠡ ᠡᠷᠡᠭᠦᠯ ᠮᠡᠨᠳᠦ ᠶᠢᠨ ᠺᠣᠳ᠋ ᠨᠢ ᠤᠯᠠᠭᠠᠨ ᠺᠣᠳ᠋ ᠪᠤᠶᠤ ᠰᠢᠷ᠎ᠠ ᠺᠣᠳ᠋ ᠪᠣᠯᠵᠤ ᠬᠤᠪᠢᠷᠠᠭᠰᠠᠨ | ᠢᠶᠠᠨ ᠣᠯᠵᠤ ᠮᠡᠳᠡᠪᠡᠯ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠠᠵᠢᠯᠯᠠᠵᠤ | ᠪᠠᠶᠢᠭ᠎ᠠ ᠨᠢᠭᠡᠴᠡ ᠳᠤ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ | ᠭᠤᠷᠪᠠ᠂ ᠭᠠᠳᠠᠭᠰᠢ ᠭᠠᠷᠬᠤ ᠪᠠᠨ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠴᠢᠬᠤᠯᠠ ᠦᠭᠡᠢ ᠪᠣᠯ | ᠭᠠᠳᠠᠭᠰᠢ ᠭᠠᠷᠬᠤ ᠦᠭᠡᠢ᠂ ᠣᠶᠢᠷ᠎ᠠ ᠶᠢᠨ ᠬᠤᠭᠤᠴᠠᠭᠠᠨ ᠳᠤ ᠳᠤᠮᠳᠠ ᠦᠨᠳᠤᠷ ᠠᠶᠤᠯ ᠲᠦᠭᠰᠢᠭᠦᠷᠢ ᠲᠠᠢ ᠭᠠᠵᠠᠷ | ᠣᠷᠣᠨ ᠪᠤᠶᠤ ᠤᠶᠢᠷ᠎ᠠ ᠤᠷᠴᠢᠮ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠭᠳᠠᠭᠰᠠᠳ | ᠢᠯᠡᠷᠡᠭᠰᠡᠨ ᠭᠠᠵᠠᠷ ᠣᠷᠣᠨ ᠳᠤ ᠣᠴᠢᠬᠤ ᠠᠴᠠ ᠵᠠᠶᠢᠯᠠᠰᠬᠢᠬᠦ ᠬᠡᠷᠡᠭᠲᠡᠢ᠃ ᠦᠨᠡᠬᠡᠷ ᠣᠴᠢᠬᠤ ᠴᠢᠬᠤᠯᠠ ᠲᠠᠢ ᠪᠣᠯ | ᠡᠷᠬᠡᠪᠰᠢ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠣᠨ ᠠᠵᠢᠯᠯᠠᠵᠤ ᠪᠠᠶᠢᠭ᠎ᠠ ᠨᠢᠭᠡᠴᠡ ᠳᠡᠭᠡᠨ | ᠤᠷᠢᠳᠴᠢᠯᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠬᠦ | ᠬᠡᠷᠡᠭᠲᠡᠢ᠃ ᠪᠤᠴᠠᠵᠤ ᠢᠷᠡᠭᠰᠡᠨ ᠤ ᠳᠠᠷᠠᠭ᠎ᠠ᠂ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠣᠨ | ᠠᠵᠢᠯᠯᠠᠵᠤ ᠪᠠᠶᠢᠭ᠎ᠠ ᠨᠢᠭᠡᠴᠡ ᠳᠤ ᠪᠠᠨ ᠬᠠᠮᠢᠶ᠎ᠠ ᠪᠦᠬᠦᠢ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ | ᠮᠠᠨ ᠤ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠵᠦ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢ | ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠳᠠᠢ᠃ | ᠳᠥᠷᠪᠡ᠂ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠢ᠃ ᠭᠠᠳᠠᠭᠰᠢ ᠭᠠᠷᠬᠤ ᠳᠠᠭᠠᠨ | ᠥᠪᠡᠷ ᠢ ᠪᠠᠨ ᠬᠠᠮᠠᠭᠠᠯᠠᠬᠤ ᠪᠠᠨ ᠴᠢᠩᠭᠠᠳᠬᠠᠵᠤ᠂ ᠵᠢᠷᠤᠮᠵᠢᠯᠳᠠᠢ ᠠᠮᠠᠪᠴᠢ ᠵᠡᠭᠦᠵᠦ᠂ ᠠᠯᠢ ᠴᠢᠳᠠᠬᠤ ᠪᠠᠷ ᠭᠡᠷ ᠤᠨ | ᠭᠠᠳᠠᠨᠠᠬᠢ ᠬᠥᠳᠡᠯᠭᠡᠭᠡᠨ ᠳᠤ ᠤᠷᠤᠯᠴᠠᠵᠦ᠂ ᠬᠥᠮᠥᠨ ᠣᠯᠠᠨ ᠴᠤᠭᠯᠠᠷᠠᠬᠤ᠂ ᠣᠷᠣᠨ ᠵᠠᠢ ᠨᠢᠭᠲᠠ ᠪᠢᠳᠡᠭᠦᠮᠵᠢᠯᠡᠭᠰᠡᠨ | ᠂ ᠰᠠᠯᠬᠢ ᠨᠡᠪᠲᠡᠷᠡᠬᠦ ᠪᠠᠷ ᠪᠠᠷᠤᠭᠲᠠᠢ ᠲᠠᠯᠠᠪᠤᠷ ᠲᠤ ᠤᠴᠢᠬᠤ ᠠᠴᠠ ᠵᠠᠶᠢᠯᠠᠰᠬᠢᠬᠦ ᠬᠡᠷᠡᠭᠲᠡᠢ᠃ ᠣᠯᠠᠨ ᠨᠡᠶᠢᠲᠡ ᠶᠢᠨ | ᠲᠠᠯᠠᠪᠤᠷ ᠲᠤ ᠣᠷᠣᠬᠤ ᠳᠠᠭᠠᠨ ᠪᠡᠶ᠎ᠡ ᠶᠢᠨ ᠳᠤᠯᠠᠭᠠᠨ ᠢᠶᠠᠨ ᠬᠡᠮᠵᠢᠬᠦ᠂ ᠡᠷᠡᠭᠦᠯ ᠮᠡᠨᠳᠦ ᠶᠢᠨ ᠺᠣᠳ᠋ ︵ᠠᠶᠠᠯᠠᠯ ᠤᠨ | ᠺᠣᠳ᠋︶ ᠢᠶᠠᠨ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠢᠳᠡᠪᠬᠢᠲᠡᠢ ᠬᠠᠮᠵᠢᠯᠴᠠᠨ | ᠶᠠᠪᠤᠭᠳᠠᠭᠤᠯᠬᠤ ᠬᠡᠷᠡᠭᠳᠠᠢ᠃ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠨᠢᠭᠡ | ᠮᠧᠲᠷ ᠤᠨ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ᠂ ᠬᠤᠭᠤᠯᠠ ᠢᠳᠡᠬᠦ ᠳᠡᠭᠡᠨ | ᠨᠡᠶᠢᠲᠡ ᠶᠢᠨ ᠰᠢᠨᠠᠭ᠎ᠠ ᠰᠠᠪᠬ᠎ᠠ ᠬᠡᠷᠡᠭᠯᠡᠬᠦ ᠰᠠᠶᠢᠨ ᠳᠠᠳᠬᠠᠯ ᠲᠠᠢ ᠪᠤᠯᠬᠤ ᠬᠡᠷᠡᠭᠲᠡᠢ᠃ | ᠲᠠᠪᠤ᠂ ᠴᠠᠭ ᠲᠤᠬᠠᠢ ᠳᠤᠨᠢ ᠲᠠᠷᠢᠯᠭ᠎ᠠ ᠬᠢᠬᠦ ᠬᠡᠷᠡᠭᠲᠡᠢ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠬᠦ ᠲᠠᠷᠢᠯᠭ᠎ᠠ ᠬᠢᠬᠦ ᠪᠣᠯ ᠬᠢᠵᠢᠭ ᠢ ᠰᠡᠷᠭᠡᠶᠢᠯᠡᠬᠦ ᠬᠠᠮᠤᠭ ᠤᠨ ᠬᠢᠮᠳᠠ᠂ ᠬᠠᠮᠤᠭ ᠤᠨ ᠪᠦᠲᠦᠮᠵᠢᠲᠡᠶ ᠠᠷᠭ᠎ᠠ | ᠬᠡᠮᠵᠢᠶ᠎ᠡ ᠮᠥᠨ᠃ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠤᠲᠠ ᠶᠢᠨ ᠠᠷᠠᠳ ᠠᠯᠢ ᠲᠦᠷᠭᠡᠨ ᠢᠶᠠᠷ ᠬᠠᠷᠢᠶᠠᠲᠤ | ᠣᠷᠣᠨ ᠤ ᠪᠠᠨ ᠦᠯᠤ ᠬᠠᠯᠳᠠᠭᠠᠬᠤ ᠲᠠᠷᠢᠯᠭ᠎ᠠ ᠬᠢᠬᠦ ᠴᠡᠭ ᠲᠤ ᠬᠦᠷᠴᠦ ᠲᠠᠷᠢᠯᠭ᠎ᠠ ᠬᠢᠭᠡᠷᠡᠢ᠃ ᠡᠷᠳᠡᠭᠡᠨ ᠳᠠᠷᠢᠵᠤ᠂ | ᠡᠷᠲᠡ ᠬᠠᠮᠠᠭᠠᠯᠠᠬᠤ ᠶᠢ ᠪᠡᠶᠡᠯᠡᠭᠦᠯᠵᠦ᠂ ᠬᠠᠮᠳᠤ ᠶᠢᠨ ᠦᠯᠤ ᠬᠠᠯᠳᠠᠭᠠᠬᠤ ᠬᠠᠯᠬᠠᠪᠴᠢ ᠶᠢ ᠪᠠᠶᠢᠭᠤᠯᠬᠤ ᠬᠡᠷᠡᠭᠲᠡᠢ᠃ | ᠵᠢᠷᠭᠤᠭ᠎ᠠ᠂ ᠰᠡᠷᠭᠡᠶᠢᠯᠡᠨ ᠡᠵᠡᠮᠳᠡᠬᠦ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ᠃ ᠬᠢᠵᠢᠭ ᠢ ᠰᠡᠷᠭᠡᠶᠢᠯᠡᠨ | ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠬᠤ ᠪᠣᠯ ᠠᠷᠠᠳ ᠢᠷᠭᠡᠳ ᠤᠨ ᠭᠦᠢᠴᠡᠳᠬᠡᠪᠡᠰᠦ ᠵᠣᠬᠢᠬᠤ | ᠬᠠᠷᠢᠭᠤᠴᠠᠯᠭ᠎ᠠ ᠪᠠ ᠡᠭᠦᠷᠭᠡ ᠮᠥᠨ᠂ ᠮᠠᠨ ᠤ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠷᠥ ᠶᠢᠨ | ᠪᠣᠳᠣᠯᠭ᠎ᠠ ᠶᠢ ᠪᠥᠬᠦ ᠤᠯᠤᠰ ᠤᠨ ᠬᠢᠵᠢᠭ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤᠨᠢ | ᠲᠤᠬᠢᠷᠠᠭᠤᠯᠤᠯᠳᠠ ᠬᠢᠨ᠎ᠡ᠂ ᠦᠷᠭᠡᠨ ᠤᠯᠠᠨ ᠬᠤᠳᠠ ᠶᠢᠨ ᠠᠷᠠᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠶᠢᠨ | ᠬᠠᠮᠲᠤ ᠵᠢᠷᠤᠮᠯᠠᠨ ᠬᠡᠷᠡᠭᠵᠢᠭᠦᠯᠲᠦᠭᠡᠢ᠃ | | ᠲᠦᠩᠯᠢᠶᠣᠣ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠤᠨ | ᠵᠢᠯᠤᠭᠤᠳᠬᠤ ᠭᠠᠵᠠᠷ ᠤᠨ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠳᠤᠭᠤᠶᠢᠯᠠᠩ | 2022 ᠣᠨ ᠤ 2 ᠰᠠᠷ᠎ᠠ ᠶᠢᠨ 15 ᠤ ᠡᠳᠤᠷ | |