| ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠨᠢ ᠵᠠᠩᠭᠢᠯᠠᠭ᠎ᠠ ᠪᠣᠯᠬᠤ ᠨᠢ ᠯᠠᠪᠲᠠᠢ᠃ | ᠣᠶᠢᠷ᠎ᠠ ᠶᠢᠨ ᠵᠢᠯ ᠠᠴᠠ᠂ ᠵᠠᠷᠤᠳ ᠬᠤᠰᠢᠭᠤᠨ ᠤ ᠭᠡᠷᠴᠢᠯᠠᠭᠤ ᠰᠤᠮᠤ ᠮᠠᠯ ᠠᠵᠤ ᠠᠬᠤᠢ ᠶᠢᠨ ᠠᠵᠤ ᠦᠢᠯᠡᠰ ᠢ | ᠬᠥᠭᠵᠢᠭᠦᠯᠬᠦ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ︽ᠦᠬᠡᠷ︾ ᠤᠨ ᠠᠵᠤ ᠦᠢᠯᠡᠰ ᠢ ᠠᠮᠢᠳᠤᠯᠢᠭ ᠬᠢᠵᠦ᠂ | ︽ᠦᠬᠡᠷ︾ ᠤᠨ ᠠᠵᠤ ᠠᠬᠤᠢ ᠶᠢ ᠪᠤᠵᠠᠭᠠᠶᠢᠷᠠᠭᠤᠯᠵᠤ᠂ ᠠᠯᠠᠰᠢᠨ ᠦᠬᠡᠷ ᠤᠨ ᠠᠵᠤ ᠦᠢᠯᠡᠰ ᠢ ᠬᠦᠭᠵᠢᠭᠦᠯᠦᠨ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ | | ᠭᠤᠷᠪᠠᠨ ᠰᠠᠷ᠎ᠠ ᠶᠢᠨ ᠵᠠᠷᠣᠳ ᠤᠨ ᠡᠬᠡ ᠭᠠᠵᠠᠷ ᠲᠤ ᠬᠠᠪᠤᠷ ᠤᠨ ᠠᠭᠤᠷ ᠪᠢᠯᠬᠠᠨ᠎ᠠ᠃ ᠰᠤᠷᠪᠤᠯᠵᠢᠯᠠᠭᠴᠢ | ᠵᠠᠷᠤᠳ ᠬᠤᠰᠢᠭᠤᠨ ᠤ ᠭᠡᠷᠴᠢᠯᠠᠭᠤ ᠰᠤᠮᠤᠨ ᠤ ᠰᠠᠶᠢᠬᠠᠡᠦ᠋ᠨᠳᠤᠷ ᠭᠠᠴᠠᠭ᠎ᠠ ᠶᠢᠨ ᠲᠡᠵᠢᠭᠡᠪᠦᠷᠢ ᠶᠢᠨ ᠡᠷᠦᠬᠡ | ᠪᠦᠷᠢᠨᠲᠡᠭᠦᠰ ᠤᠨ ᠭᠡᠷ ᠲᠤ ᠬᠦᠷᠬᠦ ᠳᠤ᠂ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ ᠵᠢᠭᠳᠡᠷᠡᠨ ᠬᠠᠷᠠᠭᠳᠠᠵᠤ᠂ ᠲᠠᠷᠭᠤ | ᠬᠦᠴᠦ ᠰᠠᠶᠢᠲᠠᠢ ︽ᠰᠢᠮᠧᠨ᠋ᠲ᠋ᠠᠷ︾ ᠠᠯᠠᠰᠢᠨ ᠦᠬᠡᠷ ᠠᠩᠬᠠᠷᠤᠯ ᠢ ᠲᠠᠲᠠᠨ᠎ᠠ᠂ ᠪᠦᠷᠢᠨᠲᠡᠭᠦᠰ ᠨᠠᠷᠢᠨ ᠨᠢᠮᠪᠠᠢ | ᠨᠠᠶᠢᠷᠠᠭᠤᠯᠤᠭᠰᠠᠨ ︽ᠡᠪᠡᠰᠦ ᠪᠣᠷᠳᠤᠭ᠎ᠠ︾ ᠪᠠᠨ ᠪᠣᠷᠳᠣᠭᠠᠨ ᠤ ᠲᠠᠲᠠᠭᠠᠯ ᠳᠤ ᠬᠢᠵᠦ ᠦᠬᠡᠷ ᠲᠡᠵᠢᠭᠡᠬᠦ ᠪᠠᠷ | ᠶᠠᠭᠠᠷᠠᠯᠳᠤᠵᠤ ᠪᠠᠶᠢᠯ᠎ᠠ᠃ ︽ᠡᠳᠡᠭᠡᠷ ᠦᠬᠡᠷ ᠪᠣᠯ ᠮᠠᠨ ᠤ ᠭᠡᠷ ᠤᠨ ︿ᠡᠷᠳᠡᠨᠢ ﹀ ᠮᠥᠨ᠂ ᠡᠳᠡᠭᠡᠷ ᠦᠬᠡᠷ | ᠪᠠᠶᠢᠭᠰᠠᠨ ᠴᠠᠭ ᠲᠤ ᠪᠢ ᠣᠷᠣᠯᠭ᠎ᠠ ᠪᠠᠨ ᠨᠡᠮᠡᠭᠳᠡᠭᠦᠯᠬᠦ ᠳᠤ ᠵᠣᠪᠠᠭ᠋ᠤ ᠬᠡᠷᠡᠭ ᠦᠭᠡᠢ︾᠃ ᠭᠡᠵᠦ ᠪᠦᠷᠢᠨᠲᠡᠭᠦᠰ | ᠪᠠᠶᠠᠷᠲᠠᠢ ᠪᠠᠷ ᠬᠡᠯᠡᠪᠡ᠃ | ᠪᠦᠷᠢᠨᠲᠡᠭᠦᠰ ᠤᠨ ᠬᠢᠨ ᠳᠤ ᠨᠡᠶᠢᠲᠡ 60 ᠭᠠᠷᠤᠢ ᠠᠯᠠᠰᠢᠨ ᠦᠬᠡᠷ᠂ 20 ᠭᠠᠷᠤᠢ ᠲᠤᠭᠤᠯ ᠲᠠᠢ᠂ ᠡᠨᠡ ᠨᠢ | ᠲᠡᠭᠦᠨ ᠤ ᠰᠠᠭᠤᠵᠤ ᠪᠠᠶᠢᠭ᠎ᠠ ᠰᠠᠶᠢᠬᠠᠡᠦ᠋ᠨᠳᠦᠷ ᠭᠠᠴᠠᠭ᠎ᠠ ᠳᠤ ᠠᠪᠴᠤ ᠬᠡᠯᠡᠪᠡᠯ᠂ ᠬᠡᠳᠦᠶᠢᠪᠡᠷ ᠦᠬᠡᠷ ᠲᠡᠵᠢᠭᠡᠬᠦ | ᠲᠤᠭ᠎ᠠ ᠨᠢ ᠬᠠᠮᠤᠭ ᠤᠨ ᠠᠷᠪᠢᠨ ᠪᠢᠰᠢ ᠪᠣᠯᠪᠠᠴᠤ ᠠᠵᠤ ᠠᠬᠤᠢ ᠶᠢᠨ ᠦᠷ᠎ᠡ ᠠᠰᠢᠭ ᠨᠢ ᠬᠠᠷᠢᠨ ᠤᠯᠠᠨ ᠠᠴᠠ | ᠣᠷᠣᠶᠢᠯᠠᠵᠤ ᠪᠠᠶᠢᠭ᠎ᠠ ᠶᠤᠮ᠃ ᠣᠯᠠᠨ ᠵᠢᠯ ᠤᠨ ᠦᠬᠡᠷ ᠲᠡᠵᠢᠭᠡᠭᠰᠡᠨ ᠲᠤᠷᠰᠢᠯᠭ᠎ᠠ ᠲᠠᠢ ᠪᠦᠷᠢᠨᠲᠡᠭᠦᠰ | ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠦᠬᠡᠷ ᠲᠡᠵᠢᠭᠡᠬᠦ ᠨᠢ ᠨᠠᠷᠢᠯᠢᠭ ᠲᠤ ᠪᠣᠢ ᠬᠠᠷᠢᠨ ᠤᠯᠠᠨ ᠳᠤ ᠪᠠᠶᠢᠬᠤ | ᠪᠢᠰᠢ᠂ ᠰᠢᠨᠵᠢᠯᠡᠬᠦ ᠤᠬᠠᠭᠠᠨᠴᠢ ᠪᠠᠷ ᠠᠷᠠᠴᠢᠯᠠᠵᠤ ᠲᠡᠵᠢᠭᠡᠬᠦ ᠠᠷᠭ᠎ᠠ ᠪᠠᠷ ᠡᠭᠦᠯᠳᠡᠷ ᠤᠨ ᠦᠬᠡᠷ ᠢ ᠰᠠᠶᠢᠲᠤᠷ | ᠲᠡᠵᠢᠭᠡᠵᠦ᠂ ᠬᠠᠰᠢᠶᠠᠯᠠᠨ ᠲᠡᠵᠢᠭᠡᠪᠡᠯ ᠦᠬᠡᠷ ᠤᠨ ᠬᠦᠳᠡᠯᠭᠡᠭᠡᠨ ᠬᠢᠬᠦ ᠨᠢ ᠪᠠᠭ᠎ᠠ ᠳᠣᠯᠠ ᠲᠠᠷᠭᠤ ᠬᠦᠴᠦ ᠪᠠᠨ | ᠠᠯᠳᠠᠬᠤ ᠦᠭᠡᠢ ᠮᠦᠷᠲᠡᠭᠡᠨ ᠬᠥᠮᠥᠨ ᠤ ᠬᠥᠳᠡᠯᠮᠦᠷᠢ ᠶᠢᠨ ᠬᠡᠮᠵᠢᠶ᠎ᠡ ᠶᠢ ᠴᠤ ᠪᠠᠭᠠᠰᠬᠠᠵᠤ ᠪᠠᠰᠠ ᠢᠯᠡᠭᠦᠦ ᠵᠣᠭᠤᠰ | ᠣᠯᠵᠤ ᠪᠣᠯᠣᠨ᠎ᠠ︾ ᠭᠡᠪᠡ᠃ | | ᠡᠬᠢᠨ ᠳᠡᠭᠡᠨ ᠪᠦᠷᠢᠨᠲᠡᠭᠦᠰ ᠤᠨ ᠲᠡᠵᠢᠭᠡᠭᠰᠡᠨ ᠡᠭᠦᠯᠳᠡᠷ ᠤᠨ ᠦᠬᠡᠷ ᠪᠦᠷᠢ ᠶᠢᠨ ᠣᠷᠣᠯᠭ᠎ᠠ ᠨᠢ 5000 | ᠲᠥᠭᠦᠷᠢᠭ ᠣᠷᠴᠢᠮ ᠪᠠᠶᠢᠭᠰᠠᠨ᠂ ᠬᠠᠶᠢᠨ ᠰᠦᠪᠡᠭᠴᠢᠯᠡᠬᠦ ᠪᠠ ᠲᠡᠵᠢᠭᠡᠨ ᠦᠷᠡᠵᠢᠭᠦᠯᠬᠦ ᠠᠷᠭ᠎ᠠ ᠪᠠᠨ | ᠰᠢᠨᠡᠳᠬᠡᠭᠰᠡᠨ ᠤ ᠲᠠᠷᠠᠭ᠎ᠠ᠂ ᠤᠳᠤ ᠲᠡᠳᠡᠨ ᠤ ᠦᠬᠡᠷ ᠨᠢ ᠴᠥᠮ ᠡᠭᠦᠯᠳᠡᠷ ᠰᠠᠶᠢᠵᠢᠷᠠᠭᠤᠯᠵᠤ᠂ ᠲᠠᠷᠭᠤ ᠰᠠᠶᠢᠲᠠᠢ | ᠪᠣᠯᠵᠤ᠂ ᠦᠬᠡᠷ ᠤᠨ ᠵᠠᠬ᠎ᠠ ᠳᠡᠯᠭᠡᠭᠦᠷ ᠲᠤ ᠮᠠᠰᠢ ᠬᠦᠷᠢᠶᠡᠯᠡᠯ ᠲᠠᠢ ᠪᠣᠯᠤᠭᠰᠠᠨ ᠪᠥᠭᠡᠳ ᠬᠤᠳᠠᠯᠳᠤᠬᠤ ᠦᠨ᠎ᠡ ᠨᠢ | ᠴᠦ ᠥᠨᠳᠥᠷ ᠪᠣᠯᠪᠠ᠃ ᠲᠡᠷᠡ ᠲᠠᠨᠢᠯᠴᠠᠭᠤᠯᠬᠤ ᠳᠠᠭᠠᠨ᠂ ᠡᠭᠦᠯᠳᠡᠷ ᠰᠠᠶᠢᠵᠢᠷᠠᠭᠤᠯᠤᠭᠰᠠᠨ ᠤ ᠳᠠᠷᠠᠭᠠᠬᠢ ᠠᠯᠠᠰᠢᠨ | ᠦᠬᠡᠷ ᠪᠦᠷᠢ ᠶᠢᠨ ᠠᠰᠢᠭ ᠣᠷᠣᠯᠭ᠎ᠠ ᠨᠢ 18000 ᠲᠥᠭᠦᠷᠢᠭ ᠣᠷᠴᠢᠮ ᠪᠠᠶᠢᠵᠤ᠂ ᠵᠢᠯ ᠪᠦᠷᠢ ᠶᠢᠨ ᠣᠷᠣᠯᠭ᠎ᠠ | 45 ᠲᠦᠮᠡᠨ ᠲᠥᠭᠦᠷᠢᠭ ᠲᠤ ᠬᠦᠷᠪᠡ᠃ ᠡᠭᠦᠨ ᠤ ᠬᠠᠮᠲᠤ ᠵᠢᠯ ᠪᠦᠷᠢ ᠶᠢᠨ 6 ᠰᠠᠷ᠎ᠠ ᠠᠴᠠ 9 ᠰᠠᠷ᠎ᠠ ᠪᠣᠯᠲᠠᠯ᠎ᠠ᠂ | ᠲᠡᠳᠡ ᠥᠪᠡᠷ ᠤᠨ ᠦᠬᠡᠷ ᠢᠶᠠᠨ ᠨᠡᠭᠦᠳᠡᠯ ᠮᠠᠯᠵᠢᠯ ᠤᠨ ᠴᠡᠭ ᠲᠤ ᠨᠢᠭᠡᠳᠦᠯᠲᠡᠢ ︽ᠨᠡᠭᠦᠯᠭᠡᠵᠦ︾ ᠲᠥᠪᠯᠡᠷᠡᠭᠦᠯᠦᠨ | ᠮᠠᠯᠵᠢᠭᠰᠠᠨ᠂ ︽ᠲᠥᠪᠯᠡᠷᠡᠭᠦᠯᠦᠨ ᠰᠠᠭᠤᠷᠢᠰᠢᠬᠤ+ ᠬᠠᠭᠠᠰ ᠨᠡᠭᠦᠳᠡᠯᠯᠡᠨ ᠮᠠᠯᠵᠢᠬᠤ᠂ ᠬᠠᠭᠠᠰ ᠬᠠᠰᠢᠶᠠᠯᠠᠨ | ᠲᠡᠵᠢᠭᠡᠬᠦ︾ ᠦᠢᠯᠡᠳᠪᠦᠷᠢᠯᠡᠯ ᠠᠮᠢᠳᠤᠷᠠᠯ ᠤᠨ ᠬᠡᠪ ᠵᠠᠭᠪᠤᠷ ᠢ ᠢᠯᠡᠷᠡᠭᠦᠯᠵᠦ᠂ ᠠᠯᠠᠰᠢᠨ ᠦᠬᠡᠷ ᠤᠨ ᠮᠢᠬᠠᠨ ᠤ | ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ ᠪᠠᠰᠠ ᠦᠬᠡᠷ ᠪᠦᠷᠢ ᠶᠢᠨ ᠦᠢᠯᠡᠳᠬᠦᠨ ᠤ ᠦᠷᠳᠡᠭ ᠳᠡᠭᠡᠭᠰᠢᠯᠡᠭᠦᠯᠵᠦ᠂ | ᠭᠤᠷᠪᠠᠨ ᠰᠠᠷ᠎ᠠ ᠭᠠᠷᠤᠢ ᠶᠢᠨ ᠬᠤᠭᠤᠴᠠᠭᠠᠨ ᠳᠤ ᠡᠪᠡᠰᠦ ᠪᠣᠷᠳᠣᠭᠠᠨ ᠤ ᠵᠠᠷᠤᠳᠠᠯ 8 ᠲᠦᠮᠡᠨ ᠲᠥᠭᠦᠷᠢᠭ ᠣᠷᠴᠢᠮ | ᠠᠷᠪᠢᠯᠠᠵᠤ ᠪᠣᠯᠬᠤ ᠶᠤᠮ᠃ | ᠪᠦᠷᠢᠨᠲᠡᠭᠦᠰ ᠮᠡᠲᠦ ᠶᠢᠨ ᠦᠬᠡᠷ ᠲᠡᠵᠢᠭᠡᠳᠡᠭ ᠲᠣᠮᠣ ᠡᠷᠦᠬᠡ ᠭᠡᠷᠴᠢᠯᠠᠭᠤ ᠰᠤᠮᠤᠨ ᠳᠤ ᠮᠠᠰᠢ ᠣᠯᠠᠨ ᠪᠠᠶᠢᠳᠠᠭ | ᠂ ᠰᠡᠴᠡᠨᠪᠢᠯᠢᠭ ᠴᠦ ᠭᠠᠴᠠᠭᠠᠨ ᠤ ᠪᠠᠨ ᠲᠡᠵᠢᠭᠡᠪᠦᠷᠢ ᠶᠢᠨ ᠲᠣᠮᠣ ᠡᠷᠦᠬᠡ ᠪᠠᠶᠢᠵᠤ᠂ ᠭᠡᠷ ᠲᠡᠭᠡᠨ 130 ᠭᠠᠷᠤᠢ | ᠦᠬᠡᠷ ᠲᠡᠵᠢᠭᠡᠵᠦ ᠪᠠᠶᠢᠳᠠᠭ᠃ ᠬᠡᠳᠦᠨ ᠵᠢᠯ ᠤᠨ ᠡᠮᠦᠨ᠎ᠡ᠂ ᠰᠡᠴᠡᠨᠪᠢᠯᠢᠭ ᠨᠤᠲᠤᠭ ᠤᠨ ᠦᠬᠡᠷ ᠢᠶᠠᠨ ᠲᠡᠵᠢᠭᠡᠵᠦ | ᠪᠠᠶᠢᠪᠠ᠂ ᠨᠢᠭᠡ ᠵᠢᠯ ᠶᠠᠭᠠᠷᠠᠤ ᠵᠦᠳᠡᠷᠡᠯ ᠲᠠᠢ ᠠᠵᠢᠯᠯᠠᠵᠤ ᠣᠷᠣᠯᠭ᠎ᠠ ᠨᠢ ᠪᠠᠭ᠎ᠠ ᠪᠢᠰᠢ ᠭᠡᠪᠡᠴᠦ ᠪᠡᠯᠡᠨ ᠵᠣᠭᠤᠰ | ᠦᠯᠡᠳᠡᠬᠦ ᠦᠭᠡᠢ᠂ ᠪᠤᠳᠣᠵᠤ ᠦᠵᠡᠪᠡᠯ ᠵᠠᠷᠤᠯᠭ᠎ᠠ ᠪᠠᠨ ᠭᠠᠷᠭᠠᠪᠠᠯ ᠴᠡᠪᠡᠷ ᠣᠷᠣᠯᠭ᠎ᠠ ᠦᠭᠡᠢ᠃ ᠰᠠᠴᠡᠨᠪᠢᠯᠢᠭ | ᠤᠳᠤ ᠶᠢᠨ ᠲᠡᠵᠢᠭᠡᠪᠦᠷᠢ ᠶᠢᠨ ᠵᠠᠭᠪᠤᠷ ᠢᠶᠠᠨ ᠥᠭᠡᠷᠡᠴᠢᠯᠡᠬᠦ ᠪᠠᠷ ᠤᠷᠤᠯᠳᠤᠭᠰᠠᠭᠠᠷ ᠢᠷᠡᠵᠠᠢ᠂ ᠨᠢᠭᠡ ᠰᠢᠮᠧᠨ᠋ᠲ᠋ᠠᠷ | ᠦᠬᠡᠷ 2 ᠲᠦᠮᠡ ᠰᠢᠬᠠᠮ ᠲᠥᠭᠦᠷᠢᠭ ᠢᠶᠠᠷ ᠬᠤᠳᠠᠯᠳᠤᠵᠤ ᠳᠡᠶᠢᠯᠦᠨ᠎ᠡ ᠭᠡᠵᠦ ᠰᠣᠨᠣᠰᠤᠭᠠᠳ᠂ ᠡᠭᠦᠨ ᠤ ᠳᠣᠲᠣᠷ᠎ᠠ | ᠮᠠᠰᠢ ᠶᠡᠭᠡ ᠠᠰᠢᠭ ᠬᠤᠨᠵᠢᠪᠤᠷᠢ ᠶᠢᠨ ᠣᠷᠣᠨ ᠵᠠᠢ ᠪᠠᠶᠢᠬᠤ ᠶᠢ ᠲᠡᠷᠡ ᠣᠯᠵᠤ ᠮᠡᠳᠡᠪᠡ᠃ ᠲᠡᠷᠡ ᠡᠬᠢᠯᠡᠨ ᠣᠶᠢᠷ᠎ᠠ | ᠬᠠᠪᠢ ᠶᠢᠨ ᠭᠠᠴᠠᠭᠠᠨ ᠤ ᠲᠡᠵᠢᠭᠡᠪᠦᠷᠢ ᠶᠢᠨ ᠲᠣᠮᠣ ᠡᠷᠦᠬᠡ ᠠᠴᠠ ᠡᠭᠦᠯᠳᠡᠷ ᠰᠠᠶᠢᠵᠢᠷᠠᠭᠤᠯᠤᠭᠰᠠᠨ ᠦᠬᠡᠷ ᠤᠨ | ᠣᠨᠴᠠᠯᠢᠭ᠂ ᠳᠠᠪᠠᠭᠤᠯᠢᠭ᠂ ᠠᠷᠠᠴᠢᠯᠠᠵᠤ ᠲᠡᠵᠢᠭᠡᠬᠦ ᠠᠷᠭ᠎ᠠ ᠵᠡᠷᠭᠡ ᠶᠢ ᠰᠤᠷᠴᠤ ᠣᠶᠢᠯᠠᠭᠠᠪᠠ᠃ ᠡᠭᠦᠯᠳᠡᠷ | ᠰᠠᠶᠢᠵᠢᠷᠠᠭᠤᠯᠤᠭᠰᠠᠨ ᠦᠬᠡᠷ ᠤᠨ ᠥᠰᠦᠯᠲᠡ ᠨᠢ ᠲᠦᠷᠭᠡᠨ ᠪᠥᠭᠡᠳ ᠮᠢᠬ᠎ᠠ ᠶᠢᠨ ᠴᠢᠨᠠᠷ ᠨᠥᠯᠥᠭᠡᠯᠡᠭᠳᠡᠬᠦ | ᠦᠭᠡᠢ ᠠᠴᠠ ᠪᠣᠯᠵᠤ ᠬᠥᠭᠵᠢᠯᠲᠡ ᠶᠢᠨ ᠳᠠᠪᠠᠭᠤᠯᠢᠭ ᠲᠠᠢ ᠪᠠᠶᠢᠳᠠᠭ᠂ ᠲᠡᠷᠡ ᠥᠪᠡᠷ ᠤᠨ ᠬᠡᠰᠡᠭ ᠨᠤᠲᠤᠭ ᠤᠨ | ᠦᠬᠡᠷ ᠢᠶᠠᠨ ᠡᠷᠡᠰ ᠰᠢᠭᠤᠷᠬᠠᠢ ᠪᠠᠷ ᠬᠤᠳᠠᠯᠳᠣᠵᠤ᠂ ᠦᠬᠡᠷ ᠤᠨ ᠡᠭᠦᠯᠳᠡᠷ ᠰᠠᠶᠢᠵᠢᠷᠠᠭᠤᠯᠬᠤ᠂ ᠴᠥᠭᠡᠨ ᠲᠡᠵᠢᠭᠡᠵᠦ | ᠨᠠᠷᠢᠯᠢᠭ ᠲᠡᠵᠢᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠥᠪᠡᠷ ᠤᠨ ᠮᠠᠯ ᠠᠵᠤ ᠠᠬᠤᠢ ᠶᠢᠨ ᠪᠦᠲᠦᠴᠡ ᠪᠠᠨ ᠴᠠᠭ | ᠲᠤᠬᠠᠢ ᠳᠤᠨᠢ ᠲᠣᠬᠢᠷᠠᠭᠤᠯᠤᠨ ᠰᠢᠯᠢᠳᠡᠭᠵᠢᠭᠦᠯᠬᠦ ᠶᠢᠨ ᠬᠠᠮᠲᠤ ᠠᠮᠢ ᠠᠬᠤᠢ ᠶᠢᠨ ᠦᠷ᠎ᠡ ᠠᠰᠢᠭ ᠪᠠ ᠠᠵᠤ | ᠠᠬᠤᠢ ᠶᠢᠨ ᠦᠷ᠎ᠡ ᠠᠰᠢᠭ ᠬᠤᠶᠠᠷ ᠲᠠᠯ᠎ᠠ ᠪᠠᠷ ᠠᠰᠢᠭ ᠭᠥᠷᠳᠡᠬᠦ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠵᠠᠮ ᠢ ᠬᠠᠶᠢᠨ ᠰᠦᠪᠡᠭᠴᠢᠯᠡᠵᠦ ᠭᠠᠷᠭᠠᠪᠠ᠃ | | ︽ᠣᠳᠣᠬᠠᠨ ᠳᠤ᠂ ᠮᠠᠨ ᠤ ᠭᠡᠷ ᠨᠢᠭᠡ ᠵᠢᠯ ᠲᠤᠭᠤᠯ ᠬᠤᠳᠠᠯᠳᠤᠭᠠᠳ 50 ᠲᠦᠮᠡᠨ ᠲᠥᠭᠦᠷᠢᠭ ᠤᠨ ᠣᠷᠣᠯᠭ᠎ᠠ | ᠲᠠᠢ ᠪᠣᠯᠪᠠ᠂ ᠪᠢ ᠮᠠᠰᠢ ᠰᠡᠳᠬᠢᠯ ᠬᠠᠨᠣᠮᠵᠢᠲᠠᠢ ᠪᠠᠶᠢᠨ᠎ᠠ︾ ᠭᠡᠵᠦ ᠬᠡᠯᠡᠪᠡ᠃ ︽ᠠᠰᠢᠭ︾ ᠣᠯᠣᠭᠰᠠᠨ | ᠰᠡᠴᠡᠨᠪᠢᠯᠢᠭ ᠢᠷᠡᠭᠡᠳᠦᠢ ᠶᠢᠨ ᠲᠡᠵᠢᠭᠡᠪᠦᠷᠢ ᠶᠢᠨ ᠵᠠᠮ ᠳᠤ ᠢᠲᠡᠭᠡᠯ ᠲᠡᠭᠦᠯᠳᠡᠷ ᠪᠠᠶᠢᠨ᠎ᠠ᠃ | | ᠦᠬᠡᠷ ᠲᠡᠵᠢᠭᠡᠬᠦ ᠪᠣᠯ ᠭᠡᠷᠴᠢᠯᠠᠭᠤ ᠰᠤᠮᠤ ᠶᠢᠨ ᠳᠠᠪᠠᠭᠤᠯᠢᠭ ᠠᠵᠤ ᠦᠢᠯᠡᠰ ᠪᠣᠯᠣᠨ᠎ᠠ᠂ ᠭᠡᠷᠴᠢᠯᠠᠭᠤ | ᠰᠤᠮᠤ ᠶᠢᠨ ᠬᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠣᠯᠠᠮ ᠨᠢᠭᠡ ᠠᠯᠬᠤᠮ ᠠᠬᠢᠭᠤᠯᠬᠤ | ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠬᠡᠷᠡᠭᠵᠢᠭᠦᠯᠵᠦ᠂ ᠳᠣᠲᠠᠭᠳᠠᠯ ᠢᠶᠠᠨ ᠭᠦᠢᠴᠡᠳ ᠨᠥᠬᠦᠪᠦᠷᠢᠯᠡᠵᠦ᠂ ᠲᠤᠰ | ᠭᠠᠵᠠᠷ ᠣᠷᠣᠨ ᠤ ᠲᠡᠵᠢᠭᠡᠪᠦᠷᠢ ᠶᠢᠨ ᠮᠠᠰᠢᠨᠴᠢᠯᠠᠯᠲᠠ ᠶᠢᠨ ᠲᠦᠪᠰᠢᠨ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠪᠡᠯᠡ ᠮᠥᠩᠭᠦ ᠶᠢᠨ ᠪᠠᠲᠤᠯᠠᠭ᠎ᠠ᠂ ᠮᠡᠷᠭᠡᠵᠢᠯ ᠤᠨ ᠳᠡᠮᠵᠢᠯᠭᠡ ᠪᠣᠯᠣᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ | ᠡᠷᠴᠢᠮ ᠢᠶᠠᠨ ᠴᠢᠩᠭᠠᠷᠠᠭᠤᠯᠣᠭᠰᠠᠨ ᠠᠴᠠ᠂ ᠦᠬᠡᠷ ᠤᠨ ᠠᠵᠤ ᠦᠢᠯᠡᠰ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ | ᠮᠡᠲᠦ ᠲᠦᠷᠭᠡᠨ ᠥᠷᠨᠢᠩᠭᠦᠢ ᠬᠥᠭᠵᠢᠵᠦ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠪᠠ | ᠃ ᠲᠣᠰ ᠰᠤᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ | ᠭᠡᠷᠴᠢᠯᠠᠭᠤ ᠰᠤᠮᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ | ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ᠂ ᠬᠤᠨᠢᠨ ᠤ ᠠᠵᠤ ᠦᠢᠯᠡᠰ᠂ ᠪᠣᠬᠢᠷᠳᠤᠯ ᠦᠭᠡᠢ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠵᠡᠷᠭᠡ ᠣᠨᠴᠠᠯᠢᠭᠲᠤ ᠠᠵᠤ ᠦᠢᠯᠡᠰ ᠢ | ᠬᠦᠴᠦᠯᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠦᠷᠭᠦᠯᠵᠢᠯᠡᠨ | ᠲᠦᠯᠬᠢᠨ ᠠᠬᠢᠭᠤᠯᠵᠤ᠂ ᠰᠤᠮᠤᠨ ᠤ ᠠᠮᠢ ᠠᠬᠤᠢ ᠶᠢᠨ ᠡᠬᠢ ᠪᠠᠶᠠᠯᠢᠭ ᠲᠤ ᠲᠦᠰᠢᠭᠯᠡᠨ᠂ ᠮᠠᠯ ᠲᠡᠵᠢᠭᠡᠪᠦᠷᠢ ᠶᠢᠨ | ᠠᠵᠤ ᠦᠢᠯᠡᠰ ᠢ ᠶᠡᠬᠡᠪᠡᠷ ᠬᠥᠭᠵᠢᠭᠦᠯᠵᠦ᠂ 2022 ᠣᠨ ᠤ ᠡᠴᠦᠰ ᠪᠣᠯᠬᠤ ᠳᠤ 9.5 ᠲᠦᠮᠡᠨ ᠦᠬᠡᠷ᠂ 16 | ᠲᠦᠮᠡᠨ ᠬᠤᠨᠢ ᠲᠡᠵᠢᠭᠡᠬᠦ ᠪᠠᠷ ᠴᠢᠷᠮᠠᠶᠢᠨ᠎ᠠ︾ ᠭᠡᠪᠡ᠃ | | |