| ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ | ᠨᠡᠶᠢᠲᠡᠪᠣᠷᠢᠵᠢᠭᠤᠯᠵᠤ᠂ ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠨ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠳᠤ ᠣᠷᠣᠯᠴᠠᠭᠤᠯᠵᠤ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠨᠢᠭᠲᠠ ᠴᠢᠩᠭ᠎ᠠ ᠰᠡᠷᠭᠡᠶᠢᠯᠡᠯᠲᠡ ᠶᠢᠨ | ᠱᠤᠭᠤᠮ ᠢ ᠪᠠᠶᠢᠭᠤᠯᠬᠤ ᠶᠢᠨ ᠲᠦᠯᠦᠭᠡ︔ᠡᠨᠡ ᠡᠳᠦᠷ ᠠᠴᠠ ᠡᠬᠢᠯᠡᠨ ᠪᠥᠬᠦ ᠬᠤᠰᠢᠭᠤᠨ ᠤ ᠬᠡᠪᠴᠢᠶᠡᠨ ᠳᠤ | ᠬᠢᠵᠢᠭ ᠢ ᠰᠡᠷᠭᠡᠶᠢᠯᠡᠨ ᠡᠵᠡᠮᠳᠡᠬᠦ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠬᠠᠮᠵᠢᠯᠴᠠᠬᠤ ᠦᠭᠡᠢ | ᠭᠤᠣᠯᠳᠠᠯᠭ᠎ᠠ ᠲᠠᠢ ᠬᠦᠮᠦᠰ ᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠲᠣᠭᠲᠠᠴᠠ ᠶᠢ ᠬᠡᠷᠡᠭᠵᠢᠭᠦᠯᠵᠦ᠂ | ᠢᠳᠡᠪᠬᠢᠲᠡᠢ ᠪᠠᠷ ᠦᠨᠡᠨ ᠮᠦᠨ ᠰᠦᠪᠡᠭᠴᠢ ᠬᠠᠩᠭᠠᠭᠰᠠᠨ ᠬᠦᠮᠦᠰ ᠢ ᠱᠠᠩᠨᠠᠨ ᠬᠥᠬᠢᠭᠦᠯᠦᠨ᠎ᠡ᠃ ᠤᠳᠤ ᠬᠤᠯᠪᠣᠭᠳᠠᠯ | ᠪᠦᠬᠦᠢ ᠤᠴᠢᠷ ᠶᠠᠪᠤᠳᠠᠯ ᠢ ᠳᠠᠷᠠᠭᠠᠬᠢ ᠮᠡᠲᠦ ᠮᠡᠳᠡᠭᠳᠡᠶ᠎ᠡ᠄ | ᠨᠢᠭᠡ᠂ ᠢᠯᠡᠴᠢᠯᠡᠨ ᠮᠡᠳᠡᠭᠦᠯᠬᠦ ᠬᠡᠪᠴᠢᠶ᠎ᠡ | ᠣᠶᠢᠷ᠎ᠠ ᠶᠢᠨ 14 ᠡᠳᠦᠷ ᠤᠨ ᠳᠣᠲᠣᠷ᠎ᠠ᠂ ᠬᠢᠯᠢ ᠶᠢᠨ ᠭᠠᠳᠠᠨᠠᠬᠢ᠂ ᠤᠯᠤᠰ ᠤᠨ ᠳᠣᠲᠣᠭᠠᠳᠤ ᠶᠢᠨ ᠳᠣᠮᠲᠠ | ᠶᠡᠭᠡ ᠲᠦᠭᠰᠢᠭᠦᠷᠢ ᠲᠠᠢ ᠭᠠᠵᠠᠷ ᠣᠷᠣᠨ ᠠᠴᠠ ᠢᠷᠡᠭᠰᠡᠨ ᠪᠣᠶᠤ ᠪᠤᠴᠠᠵᠤ ᠢᠷᠡᠭᠰᠡᠨ ᠬᠥᠮᠥᠰ᠂ ᠨᠢᠭᠲᠠ | ᠣᠶᠢᠷᠠᠳᠣᠭᠰᠠᠨ ᠬᠦᠮᠦᠰ ᠪᠤᠶᠤ ᠳᠡᠳ᠋ ᠨᠢᠭᠲᠠ ᠣᠶᠢᠷᠠᠳᠣᠭᠰᠠᠨ ᠬᠦᠮᠦᠰ᠂ ᠣᠷᠣᠨ ᠪᠦᠰᠡ ᠠᠯᠣᠰᠯᠠᠨ ᠶᠠᠪᠤᠭᠰᠠᠨ | ᠣᠳᠤ ᠮᠦᠷᠳᠡᠨ ᠪᠠᠶᠢᠴᠠᠭᠠᠵᠤ ᠪᠠᠶᠢᠭ᠎ᠠ ᠪᠤᠰᠤᠳ ᠲᠦᠭᠰᠢᠭᠦᠷᠢᠲᠡᠢ ᠲᠠᠢ ᠬᠥᠮᠥᠰ ︵ᠡᠷᠡᠭᠦᠯ ᠡᠩᠬᠡ | ᠲᠦᠩᠯᠢᠶᠣᠣ ᠶᠢᠨ ᠡᠷᠬᠡ ᠰᠦᠷᠲᠦ ᠲᠤᠰ ᠡᠳᠦᠷ ᠤᠨ ᠨᠡᠶᠢᠲᠡᠯᠡᠭᠰᠡᠨ ᠬᠠᠮᠢᠶᠠᠷᠤᠨ ᠡᠵᠡᠮᠳᠡᠬᠦ ᠵᠠᠷᠯᠠᠯ ᠢᠶᠠᠷ ᠯᠠᠪᠯᠠᠯᠲᠠ | ᠪᠣᠯᠭᠠᠨ᠎ᠠ︶ ᠴᠠᠭ ᠲᠤᠬᠠᠢ ᠳᠤᠨᠢ ᠲᠣᠭᠲᠠᠭᠠᠯ ᠶᠣᠰᠣᠭᠠᠷ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ | ᠠᠵᠤ ᠠᠬᠤᠶᠢᠯᠠᠯ᠂ ᠪᠠᠶᠢᠭᠤᠯᠭ᠎ᠠ ᠨᠢᠭᠡᠴᠡ ᠵᠡᠷᠭᠡ ᠳᠤ ᠪᠠᠨ ᠮᠡᠳᠡᠭᠦᠯᠦᠨ ᠳᠠᠩᠰᠠᠯᠠᠭᠤᠯᠤᠭᠰᠠᠨ ᠦᠭᠡᠢ ᠵᠢᠴᠢ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠣᠷᠣᠭᠤᠯᠤᠭᠰᠠᠨ ᠦᠭᠡᠢ ᠬᠦᠮᠦᠰ ᠢ ᠪᠠᠭᠲᠠᠭᠠᠨ᠎ᠠ᠃ | ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ | ᠢᠯᠡᠴᠢᠯᠡᠨ ᠮᠡᠳᠡᠭᠦᠯᠦᠭᠴᠢ ᠠᠴᠠ ᠢᠯᠡᠴᠢᠯᠡᠭᠳᠡᠭᠰᠡᠨ ᠬᠦᠮᠦᠨ ᠤ ᠬᠠᠷᠢᠶ᠎ᠠ ᠭᠠᠵᠠᠷ ᠤᠨ ᠵᠢᠯᠤᠭᠤᠳᠬᠤ ᠭᠠᠵᠠᠷ ᠲᠤ | ᠬᠦᠷᠴᠦ ᠢᠯᠡᠴᠢᠯᠡᠨ ᠮᠡᠳᠡᠭᠦᠯᠬᠦ ᠪᠤᠶᠤ ᠢᠯᠡᠴᠢᠯᠡᠨ ᠮᠡᠳᠡᠭᠦᠯᠬᠦ ᠤᠲᠠᠰᠤ ︵0475 ︱ 7229172︶ | ᠣᠲᠠᠰᠣᠲᠠᠬᠤ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠢᠯᠡᠴᠢᠯᠡᠨ ᠮᠡᠳᠡᠭᠦᠯᠵᠦ ᠪᠣᠯᠣᠨ᠎ᠠ᠃ | ᠭᠤᠷᠪᠠ᠂ ᠱᠠᠩᠨᠠᠬᠤ ᠪᠠᠷᠢᠮᠵᠢᠶ᠎ᠠ | ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠠᠷᠢᠶ᠎ᠠ ᠭᠠᠵᠠᠷ ᠤᠨ ᠵᠢᠯᠤᠭᠤᠳᠬᠤ ᠭᠠᠵᠠᠷ ᠠᠴᠠ ᠪᠠᠶᠢᠴᠠᠭᠠᠨ | ᠲᠣᠳᠣᠯᠠᠭᠠᠳ ᠦᠨᠡᠨ ᠪᠣᠳᠠᠲᠠᠢ ᠪᠠᠶᠢᠵᠤ᠂ ᠢᠯᠡᠴᠢᠯᠡᠨ ᠮᠡᠳᠡᠭᠦᠯᠦᠭᠰᠡᠨ ᠠᠭᠤᠯᠭ᠎ᠠ ᠨᠢ ᠳᠣᠣᠷ᠎ᠠ ᠵᠢᠭᠰᠠᠭᠠᠭᠰᠠᠨ | ᠨᠥᠬᠦᠴᠡᠯ ᠤᠨ ᠨᠢᠭᠡ ᠳᠤ ᠨᠡᠶᠢᠴᠡᠭᠰᠡᠨ ᠪᠠᠶᠢᠪᠠᠯ ᠱᠠᠩᠨᠠᠨ ᠬᠥᠬᠢᠭᠦᠯᠦᠨ᠎ᠡ᠄ | ︵ᠨᠢᠭᠡ︶ ᠬᠢᠵᠢᠭ ᠲᠠᠢ ᠬᠤᠯᠪᠣᠭᠳᠠᠭᠰᠠᠨ ᠭᠠᠵᠠᠷ ᠣᠷᠣᠨ ᠤ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ | ᠨᠢᠭᠲᠠ ᠣᠶᠢᠷᠠᠳᠣᠭᠰᠠᠨ ᠬᠦᠮᠦᠰ ᠪᠤᠶᠤ ᠳᠡᠳ᠋ ᠨᠢᠭᠲᠠ ᠣᠶᠢᠷᠠᠳᠣᠭᠰᠠᠨ ᠵᠢᠴᠢ ᠦᠪᠡᠷ ᠢᠶᠠᠨ ᠴᠠᠭ ᠲᠣᠬᠠᠢ ᠳᠤᠨᠢ | ᠮᠡᠳᠡᠭᠦᠯᠦᠭᠰᠡᠨ ᠦᠭᠡᠢ ᠬᠦᠮᠦᠰ᠂ ᠤᠯᠠᠨ ᠨᠡᠶᠢᠲᠡ ᠶᠢᠨ ᠠᠮᠤᠷ ᠲᠦᠪᠰᠢᠨ ᠲᠤ ᠬᠤᠣᠷ ᠬᠥᠨᠥᠭᠡᠯ ᠤᠴᠠᠷᠠᠭᠤᠯᠵᠤ | ᠮᠡᠳᠡᠬᠦ ᠬᠦᠮᠦᠰ ᠢ ᠢᠯᠡᠴᠢᠯᠡᠨ ᠮᠡᠳᠡᠭᠦᠯᠪᠡᠯ ᠠᠷᠠᠳ ᠤᠨ ᠵᠣᠭᠤᠰ 1000 ᠲᠥᠭᠦᠷᠢᠭ ᠱᠠᠩᠨᠠᠨ᠎ᠠ︔ | ︵ᠬᠤᠶᠠᠷ︶ ᠬᠢᠯᠢ ᠶᠢᠨ ᠭᠠᠳᠠᠨ᠎ᠠ᠂ ᠤᠯᠤᠰ ᠤᠨ ᠳᠣᠲᠣᠭᠠᠳᠤ ᠶᠢᠨ ᠳᠣᠮᠲᠠ ᠶᠡᠭᠡ ᠲᠦᠭᠰᠢᠭᠦᠷᠢ ᠲᠠᠢ ᠵᠢᠴᠢ | ᠬᠢᠵᠢᠭ ᠲᠠᠢ ᠬᠤᠯᠪᠣᠭᠳᠠᠭᠰᠠᠨ ᠭᠠᠵᠠᠷ ᠣᠷᠣᠨ ᠠᠴᠠ ᠵᠠᠷᠣᠳ ᠲᠤ ᠪᠤᠴᠠᠵᠤ ᠢᠷᠡᠭᠰᠡᠨ ᠬᠦᠮᠦᠰ ᠬᠢᠵᠢᠭ ᠢ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠬᠠᠷᠢᠶ᠎ᠠ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠲᠤ ᠪᠠᠨ ᠴᠠᠭ ᠲᠤᠬᠠᠢ ᠳᠤᠨᠢ ᠮᠡᠳᠡᠭᠦᠯᠦᠭᠰᠡᠨ ᠦᠭᠡᠢ᠂ ᠠᠶᠠᠨ | ᠵᠠᠮ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠬᠦᠮᠦᠰ ᠢ ᠢᠯᠡᠴᠢᠯᠡᠨ ᠮᠡᠳᠡᠭᠦᠯᠪᠡᠯ᠂ ᠠᠷᠠᠳ ᠤᠨ ᠵᠣᠭᠤᠰ 500 | ᠲᠥᠭᠦᠷᠢᠭ ᠱᠠᠩᠨᠠᠨ᠎ᠠ︔ | ︵ᠭᠤᠷᠪᠠ︶ ᠵᠢᠭᠰᠠᠭᠠᠨ ᠪᠠᠶᠢᠴᠠᠭᠠᠬᠤ ᠪᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ | ᠬᠦᠯᠢᠶᠡᠬᠦ ᠳᠡᠭᠡᠨ᠂ ᠣᠶᠢᠷ᠎ᠠ ᠶᠢᠨ ᠬᠤᠭᠤᠴᠠᠭᠠᠨ ᠤ ᠠᠶᠠᠨ ᠵᠠᠮ᠂ ᠰᠠᠭᠤᠵᠤ ᠬᠤᠨᠣᠭᠯᠠᠭᠰᠠᠨ ᠭᠠᠵᠠᠷ ᠪᠠ | ᠣᠶᠢᠷᠠᠲᠤᠭᠰᠠᠨ ᠬᠥᠮᠥᠰ ᠢᠶᠠᠨ ᠦᠨᠡᠨ ᠮᠥᠨ ᠢᠶᠠᠷ ᠨᠢ ᠬᠡᠯᠡᠭᠰᠡᠨ ᠦᠭᠡᠢ᠂ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠤᠨ ᠪᠦᠲᠦᠮᠵᠢᠲᠡᠶ ᠥᠷᠨᠢᠬᠦ ᠶᠢ ᠬᠠᠷᠰᠢᠯᠠᠭᠰᠠᠨ ᠬᠦᠮᠦᠰ ᠢ ᠢᠯᠡᠴᠢᠯᠡᠨ ᠮᠡᠳᠡᠭᠦᠯᠪᠡᠯ᠂ ᠠᠷᠠᠳ ᠤᠨ ᠵᠣᠭᠤᠰ | 500 ᠲᠥᠭᠦᠷᠢᠭ ᠱᠠᠩᠨᠠᠨ᠎ᠠ︔ | ︵ᠳᠥᠷᠪᠡ︶ ᠪᠤᠰᠤᠳ ᠤᠨ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠢ ᠵᠢᠭᠡᠯᠡᠨ ᠬᠡᠷᠡᠭᠯᠡᠵᠦ᠂ ᠬᠤᠳᠠᠯ | ᠬᠠᠭᠤᠷᠮᠠᠭ ᠡᠷᠡᠭᠦᠯ ᠮᠡᠨᠳᠦ ᠶᠢᠨ ᠮᠡᠷᠭᠡᠨ ᠴᠣᠬᠤᠷ ᠪᠤᠶᠤ ᠠᠶᠠᠯᠠᠯ ᠤᠨ ᠮᠡᠷᠭᠡᠨ ᠴᠣᠬᠤᠷ ᠤᠨ ᠣᠭᠲᠣᠯᠣᠭᠠᠰᠤ | ᠵᠢᠷᠤᠭ ᠢ ᠬᠡᠷᠡᠭᠯᠡᠨ ᠠᠶᠠᠯᠠᠯ ᠤᠨ ᠵᠠᠮ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠬᠦᠮᠦᠰ ᠢ ᠢᠯᠡᠴᠢᠯᠡᠨ ᠮᠡᠳᠡᠭᠦᠯᠪᠡᠯ᠂ | ᠠᠷᠠᠳ ᠤᠨ ᠵᠣᠭᠤᠰ 500 ᠲᠥᠭᠦᠷᠢᠭ ᠱᠠᠩᠨᠠᠨ᠎ᠠ︔ | ︵ᠲᠠᠪᠤ︶ ᠭᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠤᠭᠤᠴᠠᠭ᠎ᠠ ᠨᠢ | ᠳᠠᠭᠤᠰᠣᠭᠠᠳᠤᠢ ᠪᠠᠶᠢᠲᠠᠯ᠎ᠠ ᠳᠤᠷ᠎ᠠ ᠪᠠᠷ ᠢᠶᠠᠨ ᠭᠠᠳᠠᠭᠰᠢ ᠭᠠᠷᠣᠭᠰᠠᠨ ᠬᠦᠮᠦᠰ︔ ᠭᠡᠷ ᠲᠡᠭᠡᠨ ᠰᠠᠭᠤᠵᠤ ᠡᠷᠡᠭᠦᠯ | ᠮᠡᠨᠳᠦ ᠶᠢᠨ ᠬᠢᠨᠠᠨ ᠬᠡᠮᠵᠢᠯᠲᠡ ᠬᠢᠵᠦ ᠪᠠᠶᠢᠬᠤ ᠬᠤᠭᠤᠴᠠᠭᠠᠨ ᠳᠤ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠵᠥᠷᠢᠴᠡᠨ | ᠂ ᠭᠠᠳᠠᠭᠰᠢ ᠭᠠᠷᠴᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ᠂ ᠬᠥᠮᠥᠨ ᠣᠯᠠᠨ ᠬᠤᠷᠠᠨ | ᠴᠤᠭᠯᠠᠷᠠᠬᠤ ᠲᠠᠯᠠᠪᠤᠷ ᠲᠤ ᠣᠴᠢᠬᠤ᠂ ᠣᠯᠠᠨ ᠬᠦᠮᠦᠨ ᠤ ᠴᠤᠭᠯᠠᠭᠠᠨ ᠳᠤ ᠣᠷᠤᠯᠴᠠᠬᠤ ᠵᠡᠷᠭᠡ ᠦᠶᠯᠡ ᠠᠵᠢᠯᠯᠠᠭ᠎ᠠ | ᠲᠠᠢ ᠬᠦᠮᠦᠰ ᠢ ᠢᠯᠡᠴᠢᠯᠡᠨ ᠮᠡᠳᠡᠭᠦᠯᠪᠡᠯ ᠠᠷᠠᠳ ᠤᠨ ᠵᠣᠭᠤᠰ 300 ᠲᠥᠭᠦᠷᠢᠭ ᠱᠠᠩᠨᠠᠨ᠎ᠠ᠃ | ᠳᠥᠷᠪᠡ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠢᠯᠡᠴᠢᠯᠡᠭᠳᠡᠭᠰᠡᠨ ᠬᠦᠮᠦᠨ ᠢ ᠬᠠᠷᠢᠶ᠎ᠠ ᠭᠠᠵᠠᠷ ᠤᠨ ᠵᠢᠯᠤᠭᠤᠳᠬᠤ ᠭᠠᠵᠠᠷ ᠠᠴᠠ ᠨᠢᠭᠡᠨᠲᠡ ᠪᠣᠳᠠᠲᠠᠢ | ᠡᠵᠡᠮᠰᠢᠭᠰᠡᠨ ᠪᠣᠯ ᠱᠠᠩᠨᠠᠯ ᠤᠨ ᠮᠥᠩᠭᠦ ᠶᠢ ᠬᠠᠭᠠᠰ ᠬᠠᠰᠤᠵᠤ᠂ ᠣᠯᠠᠨ ᠬᠦᠮᠦᠨ ᠨᠢᠭᠡ ᠣᠴᠢᠷ ᠢ ᠢᠯᠡᠴᠢᠯᠡᠨ | ᠮᠡᠳᠡᠭᠦᠯᠦᠭᠰᠡᠨ ᠪᠠᠶᠢᠳᠠᠯ ᠭᠠᠷᠪᠠᠯ᠂ ᠬᠠᠮᠤᠭ ᠤᠨ ᠲᠦᠷᠦᠭᠦᠨ ᠤ ᠢᠯᠡᠴᠢᠯᠡᠨ ᠮᠡᠳᠡᠭᠦᠯᠦᠭᠰᠡᠨ ᠬᠦᠮᠦᠨ ᠢ ᠱᠠᠩᠨᠠᠨ᠎ᠠ᠃ | ᠢᠯᠡᠴᠢᠯᠡᠨ ᠮᠡᠳᠡᠭᠦᠯᠦᠭᠰᠡᠨ ᠬᠦᠮᠦᠨ ᠪᠤᠰᠤᠳᠴᠢ ᠦᠨᠡᠨ ᠪᠣᠳᠠᠲᠠᠢ ᠰᠦᠪᠡᠭᠴᠢ ᠬᠠᠩᠭᠠᠬᠤ ᠬᠡᠷᠡᠭᠲᠡᠢ᠂ ᠮᠠᠭᠤ | ᠰᠠᠨᠠᠭ᠎ᠠ ᠲᠠᠢ ᠪᠠᠷ ᠬᠤᠳᠠᠯ ᠬᠠᠭᠤᠷᠮᠠᠭ ᠢᠯᠡᠴᠢᠯᠡᠨ ᠮᠡᠳᠡᠭᠦᠯᠵᠦ ᠪᠣᠯᠬᠤ ᠦᠭᠡᠢ᠃ ᠡᠭᠦᠨ ᠤ ᠬᠠᠮᠲᠤ᠂ ᠬᠠᠮᠢᠶ᠎ᠠ | ᠪᠦᠬᠦᠢ ᠵᠢᠭᠰᠠᠭᠠᠨ ᠪᠠᠶᠢᠴᠠᠭᠠᠬᠤ ᠪᠤᠶᠤ ᠬᠠᠮᠢᠶᠠᠷᠤᠨ ᠡᠵᠡᠮᠳᠡᠬᠦ ᠡᠭᠦᠷᠭᠡ ᠭᠦᠢᠴᠡᠳᠭᠡᠵᠦ ᠪᠠᠶᠢᠭ᠎ᠠ ᠠᠯᠪᠠᠨ | ᠲᠤᠰᠢᠶᠠᠯᠲᠠᠨ ᠢ ᠢᠯᠡᠴᠢᠯᠡᠨ ᠮᠡᠳᠡᠭᠦᠯᠦᠭᠰᠡᠨ ᠪᠣᠯ ᠱᠠᠩᠨᠠᠬᠤ ᠬᠡᠪᠴᠢᠶᠡᠨ ᠳᠤ ᠣᠷᠣᠭᠤᠯᠬᠤ ᠦᠭᠡᠢ᠃ | ︵ᠬᠤᠶᠠᠷ︶ ᠢᠯᠡᠴᠢᠯᠡᠨ ᠮᠡᠳᠡᠭᠦᠯᠦᠭᠰᠡᠨ ᠬᠦᠮᠦᠰ ᠤᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ | ᠬᠠᠮᠠᠭᠠᠯᠠᠵᠤ᠂ ᠲᠣᠰ ᠬᠥᠮᠥᠨ ᠤ ᠵᠥᠪᠰᠢᠶᠡᠷᠡᠯ ᠢ ᠣᠯᠬᠤ ᠦᠭᠡᠢ ᠪᠣᠯ᠂ ᠣᠪᠣᠭ ᠨᠡᠷ᠎ᠡ᠂ ᠳ᠋ᠢᠶᠠᠩᠬᠤᠸᠠ᠂ ᠪᠡᠶ᠎ᠡ ᠶᠢᠨ | ᠦᠨᠡᠮᠯᠡᠯ ᠵᠡᠷᠭᠡ ᠪᠤᠰᠤᠳ ᠪᠠᠶᠢᠳᠠᠯ ᠢ ᠢᠯᠡ ᠪᠣᠯᠭᠠᠬᠤ ᠦᠭᠡᠢ᠃ ᠠᠵᠢᠯ ᠤᠨ ᠰᠠᠬᠢᠯᠭ᠎ᠠ ᠶᠢ ᠵᠥᠷᠢᠴᠡᠭᠰᠡᠳ ᠢ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠪᠠ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠵᠦ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠂ ᠢᠯᠡᠴᠢᠯᠡᠨ | ᠮᠡᠳᠡᠭᠦᠯᠦᠭᠰᠡᠨ ᠬᠦᠮᠦᠨ ᠢ ᠬᠤᠷᠣᠰᠤᠯ ᠪᠣᠳᠣᠵᠤ ᠥᠰᠢᠶ᠎ᠡ ᠠᠪᠣᠪᠠᠯ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠭᠤᠷᠪᠠ︶ ᠢᠯᠡᠴᠢᠯᠡᠭᠳᠡᠭᠰᠡᠨ ᠬᠦᠮᠦᠰ ᠲᠣᠭᠲᠠᠭᠠᠯ ᠶᠣᠰᠣᠭᠠᠷ ᠰᠠᠨᠠᠭᠠᠴᠢᠯᠠᠭ᠎ᠠ ᠠᠴᠠ ᠪᠠᠨ ᠮᠡᠳᠡᠭᠦᠯᠦᠨ | ᠳᠠᠩᠰᠠᠯᠠᠭᠤᠯᠤᠭᠰᠠᠨ ᠦᠭᠡᠢ ᠪᠤᠶᠤ ᠵᠢᠭᠤᠯᠴᠢᠯᠠᠵᠤ ᠬᠤᠨᠣᠭᠯᠠᠭᠰᠠᠨ ᠲᠡᠦᠬᠡ᠂ ᠣᠶᠢᠷᠠᠲᠤᠭᠰᠠᠨ ᠲᠡᠦᠬᠡ ᠪᠠᠨ | ᠵᠣᠷᠢᠭᠤᠳᠠ ᠨᠢᠭᠤᠨ ᠳᠠᠯᠳᠠᠯᠠᠭᠰᠠᠨ ᠢ ᠪᠠᠶᠢᠴᠠᠭᠠᠨ ᠲᠣᠳᠣᠯᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ | ᠬᠠᠮᠵᠢᠯᠴᠠᠬᠤ ᠦᠭᠡᠢ ᠲᠡᠪᠴᠢᠭᠰᠡᠨ ᠪᠠᠶᠢᠪᠠᠯ᠂ ᠲᠤᠬᠠᠢ ᠶᠢᠨ ᠬᠥᠮᠥᠨ ᠢ ᠴᠢᠩᠭ᠎ᠠ ᠰᠢᠢᠳᠭᠡᠨ᠎ᠡ︔ ᠬᠦᠨᠳᠦ ᠨᠣᠴᠢᠲᠠᠢ | ᠤᠷᠰᠢᠭ ᠲᠠᠲᠠᠭᠰᠠᠨ ᠪᠠᠶᠢᠪᠠᠯ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠳᠥᠷᠪᠡ︶ ᠢᠯᠡᠴᠢᠯᠡᠨ ᠮᠡᠳᠡᠭᠦᠯᠦᠭᠰᠡᠨ ᠬᠦᠮᠦᠨ ᠤ ᠱᠠᠩᠨᠠᠯ ᠤᠨ ᠮᠥᠩᠭᠦ ᠶᠢ ᠢᠯᠡᠴᠢᠯᠡᠭᠳᠡᠭᠴᠢ ᠶᠢᠨ ᠬᠠᠮᠢᠶ᠎ᠠ | ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠨᠠᠶᠢᠳᠠᠪᠤᠷᠢᠵᠢᠭᠤᠯᠤᠭᠰᠠᠨ ᠬᠠᠷᠢᠶ᠎ᠠ ᠭᠠᠵᠠᠷ ᠤᠨ ᠵᠢᠯᠤᠭᠤᠳᠬᠤ | ᠭᠠᠵᠠᠷ ᠠᠴᠠ ᠬᠠᠷᠢᠭᠤᠴᠠᠨ ᠭᠦᠢᠴᠡᠳᠭᠡᠨ᠎ᠡ᠂ ᠵᠢᠴᠢ ᠬᠢᠨᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠰᠠᠯᠠᠭ᠎ᠠ | ᠮᠥᠴᠢᠷ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃ | ᠲᠣᠰ ᠮᠡᠳᠡᠭᠡ ᠶᠢᠨ ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠨᠢ ᠬᠤᠰᠢᠭᠤᠨ ᠤ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠨᠡᠶᠢᠭᠡᠮ ᠤᠨ | ᠬᠠᠮᠢᠶᠠᠷᠤᠨ ᠡᠵᠡᠮᠳᠡᠬᠦ ᠳᠤᠭᠤᠶᠢᠯᠠᠩ ᠳᠤ ᠬᠠᠷᠢᠶᠠᠯᠠᠭᠳᠠᠨ᠎ᠠ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ | ᠬᠦᠴᠦᠨ ᠦᠭᠡᠢ ᠪᠣᠯᠭᠠᠬᠤ ᠴᠠᠭ ᠢ ᠠᠰ ᠲᠤᠨᠢ ᠮᠡᠳᠡᠭᠳᠡᠨ᠎ᠡ᠃ | | ᠵᠠᠷᠤᠳ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ | 2022 ᠣᠨ ᠤ 3 ᠰᠠᠷ᠎ᠠ ᠶᠢᠨ 30 | |