ᠵᠠᠷᠤᠳ ᠬᠤᠰᠢᠭᠤᠨ ᠤ 2022 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠤᠨ ᠲᠠᠶᠢᠯᠤᠮᠵᠢ ︵ᠨᠢᠭᠡ︶
ᠨᠡᠶᠢᠲᠡᠯᠡᠭᠰᠡᠨ ᠴᠠᠭ᠄
2022/4/14
     ᠵᠠᠷᠤᠳ ᠬᠤᠰᠢᠭᠤᠨ ᠤ 2022 ᠤᠨ ᠤ ᠵᠠᠰᠠᠭ ᠤᠨ ᠤᠷᠳᠤᠨ ᠤ ᠠᠵᠢᠯ ᠤᠨ          ᠢᠯᠡᠳᠬᠡᠯ ᠤᠨ ᠲᠠᠶᠢᠯᠤᠮᠵᠢ ︵ᠨᠢᠭᠡ︶                                                                           ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠠᠩᠬᠠᠳᠤᠭᠠᠷ ᠬᠤᠷᠠᠯᠳᠤᠭᠠᠨ ᠠᠴᠠ ᠨᠠᠰᠢᠬᠢᠠᠵᠢᠯ ᠤᠨ ᠡᠷᠭᠢᠴᠡᠭᠦᠯᠦᠯ      — ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃     — ︽ᠭᠤᠷᠪᠠᠨ ᠶᠡᠭᠡ ᠰᠢᠪᠳᠤᠯᠤᠯᠳᠠ ᠶᠢᠨ ᠳᠠᠶᠢᠯᠠᠯᠳᠤᠭᠠᠨ︾ ᠤ ᠦᠷ᠎ᠡ ᠪᠦᠲᠦᠮᠵᠢ ᠢᠯᠡᠳᠲᠡ ᠪᠣᠯᠪᠠ᠃     — ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠠ᠃     — ᠠᠮᠢ ᠠᠬᠤᠢ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃       — ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃     — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠢ ᠠᠬᠢᠭᠤᠯᠪᠠ᠃     — ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃     — ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠲᠠ ᠤᠯᠠᠮ ᠴᠢᠩᠭᠠᠷᠠᠪᠠ᠃ᠠᠵᠢᠯ ᠤᠨ ᠠᠮᠵᠢᠯᠳᠠ    ⒈ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ ᠨᠡᠶᠢᠲᠡ 328 ᠬᠡᠷᠡᠭᠵᠢᠭᠦᠯᠵᠦ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢ 64 ᠪᠠᠶᠢᠵᠤ᠂ 348 ᠳ᠋ᠦᠩᠰᠢᠭᠤᠷ ᠲᠥᠭᠦᠷᠢᠭ ᠪᠡᠯᠡ ᠤᠷᠤᠭᠤᠯᠤᠨ᠂ ᠪᠡᠯᠡ ᠣᠷᠣᠭᠤᠯᠤᠯᠲᠠ ᠶᠢᠨ ᠬᠡᠪᠴᠢᠶ᠎ᠡ᠂ ᠲᠥᠷᠥᠯ ᠵᠦᠢᠯ ᠤᠨ ᠲᠤᠭ᠎ᠠ ᠬᠡᠮᠵᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃    ⒉ᠣᠷᠣᠨ ᠨᠤᠲᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 523.14 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠳᠤᠮᠳᠠᠴᠢ ᠪᠠᠷ 2.74% ᠨᠡᠮᠡᠭᠳᠡᠪᠡ᠃    ⒊ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 144.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 82.65 ᠳ᠋ᠦᠩᠰᠢᠭᠤᠷ ᠲᠥᠭᠦᠷᠢᠭ ᠬᠦᠷᠴᠦ᠂ ᠵᠢᠯ ᠳᠤᠮᠳᠠᠴᠢ ᠪᠠᠷ 1.05% ᠨᠡᠮᠡᠭᠳᠡᠪᠡ᠃    ⒋ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 31.14 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠳᠤᠮᠳᠠᠴᠢ ᠪᠠᠷ 4.2% ᠨᠡᠮᠡᠭᠳᠡᠪᠡ᠃    ⒌ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠪᠦᠷᠢ 33163 ᠲᠥᠭᠦᠷᠢᠭ ᠪᠠ 19874 ᠲᠥᠭᠦᠷᠢᠭ ᠬᠦᠷᠴᠦ᠂ ᠵᠢᠯ ᠳᠤᠮᠳᠠᠴᠢ ᠪᠠᠷ 5.6% ᠪᠠ 9.7% ᠨᠡᠮᠡᠭᠳᠡᠪᠡ᠃    ⒍8570 ᠡᠷᠦᠬᠡ 21228 ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠣᠷᠣᠨ ᠤ ᠲᠠᠰ ᠤᠨ ᠶᠠᠳᠠᠭᠤ ᠬᠦᠴᠢᠷᠳᠡᠯᠲᠡᠶ ᠬᠤᠰᠢᠭᠤ ᠠᠴᠠ ᠭᠠᠷᠪᠠ  ᠂᠂    ⒎ᠬᠦᠬᠡ ᠠᠭᠤᠯᠠ ᠬᠦᠬᠡᠮᠳᠡᠭ ᠤᠰᠤ ᠴᠡᠪᠡᠷ ᠬᠦᠷᠦᠰᠦ ᠶᠢ  ᠬᠠᠮᠠᠭᠠᠯᠠᠬᠤ ᠲᠠᠶᠢᠨ ᠤ ᠦᠷ᠎ᠡ ᠪᠦᠳᠤᠭᠡᠯ ᠢᠯᠡᠷᠬᠡᠢ᠂ ᠨᠢᠭᠡ ᠪᠦᠯᠦᠭ ᠠᠮᠢ ᠠᠬᠤᠶ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠰᠢᠶᠳᠪᠦᠷᠢᠯᠡᠵᠦ᠂ ᠠᠭᠠᠷ ᠮᠠᠨᠳᠠᠯ ᠲᠤᠩᠭᠠᠯᠠᠭ ᠬᠤᠨᠤᠭ ᠤᠨ ᠲᠤᠭ᠎ᠠ 93% ᠬᠦᠷᠪᠡ᠃    ⒏ᠨᠡᠶᠢᠲᠡ 218.5 ᠳ᠋ᠦᠩᠰᠢᠭᠤᠷ ᠲᠥᠭᠦᠷᠢᠭ ᠪᠠᠯᠠ ᠣᠷᠣᠭᠤᠯᠵᠤ᠂ 121 ᠴᠢᠬᠤᠯᠠ ᠶᠡᠭᠡ ᠠᠵᠤ ᠦᠶᠯᠡᠳᠪᠦᠷᠢ ᠶᠢᠨ ᠲᠥᠷᠥᠯ ᠵᠦᠶᠯ ᠢ ᠪᠠᠶᠢᠭᠤᠯᠤᠨ ᠳᠠᠭᠤᠰᠬᠠᠵᠤ᠂ 14 ᠠᠵᠤ ᠦᠶᠯᠡᠳᠪᠦᠷᠢ ᠶᠢᠨ ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ ᠶᠡᠷᠦᠩᠬᠡᠶ ᠲᠤᠭ᠎ᠠ 92 ᠪᠤᠯᠪᠠ    ⒐ᠥᠨᠳᠥᠷ ᠪᠠᠷᠢᠮᠵᠢᠶᠠᠲᠤ ᠲᠠᠷᠢᠶᠠᠨ ᠭᠠᠵᠠᠷ 77 ᠲᠦᠮᠡᠨ ᠮᠥ ᠪᠠᠶᠢᠭᠤᠯᠵᠤ᠂ ᠠᠮᠤ ᠪᠤᠳᠠᠭᠠᠨ ᠤ ᠤᠨᠠᠯᠲᠠ 20 ᠳ᠋ᠦᠩᠰᠢᠭᠤᠷ ᠵᠢᠩ ᠢ ᠳᠠᠪᠠᠵᠤ᠂ ᠦᠬᠡᠷ ᠤᠨ ᠬᠠᠰᠢᠶᠠᠯᠠᠵᠦ ᠪᠠᠶᠢᠭ᠎ᠠ ᠲᠤᠭ᠎ᠠ 47.6 ᠲᠦᠮᠡ ᠪᠣᠯᠤᠨ ᠨᠡᠮᠡᠭᠳᠡᠵᠦ᠂ ᠬᠤᠨᠢᠨ ᠤ ᠬᠠᠰᠢᠶᠠᠯᠠᠵᠦ ᠪᠠᠶᠢᠭ᠎ᠠ ᠲᠤᠭ᠎ᠠ 194 ᠲᠦᠮᠡ ᠪᠣᠯᠤᠨ ᠪᠠᠭᠠᠰᠴᠤ᠂ ᠬᠥᠲᠥᠴᠢ ᠠᠵᠤ ᠠᠬᠤᠶᠢᠯᠠᠯ᠂ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 2000 ᠰᠢᠬᠠᠮ ᠪᠣᠯᠵᠣ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠤᠭᠰᠠᠨ ᠨᠣᠷᠮ᠎ᠠ 60 % ᠠᠴᠠ ᠳᠡᠭᠡᠭᠰᠢ ᠪᠤᠯᠪᠠ᠃    ⒑ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 50 ᠳ᠋ᠦᠩᠰᠢᠭᠤᠷ ᠲᠥᠭᠦᠷᠢᠭ ᠬᠦᠷᠴᠦ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ 9 ᠳ᠋ᠦᠩᠰᠢᠭᠤᠷ ᠲᠥᠭᠦᠷᠢᠭ ᠳᠠᠪᠠᠪᠠ᠃    ⒒ᠬᠤᠷᠴᠢᠨ ᠤ ᠡᠯᠡᠰᠦᠷᠬᠡᠭ ᠭᠠᠵᠠᠷ ᠢ 142.2 ᠲᠦᠮᠡᠨ ᠮᠥ ᠶᠡᠷᠦᠩᠬᠡᠶᠢᠯᠡᠭᠰᠡᠨ ᠵᠠᠰᠠᠯᠲᠠ ᠬᠢᠵᠦ᠂ 165.9 ᠲᠦᠮᠡᠨ ᠮᠥ ᠪᠠᠶᠢᠭᠠᠯᠢ ᠶᠢᠨ ᠨᠤᠲᠤᠭ ᠪᠡᠯᠴᠢᠭᠡᠷ ᠢ ᠰᠡᠷᠭᠦᠭᠡᠨ ᠵᠠᠰᠠᠵᠤ᠂ ᠤᠢ ᠰᠢᠭᠤᠢ ᠶᠢᠨ ᠠᠮᠢ ᠠᠬᠤᠢ ᠶᠢ 29.5 ᠲᠦᠮᠡᠨ ᠮᠤ᠋ ᠵᠠᠰᠠᠵᠦ᠂ ᠪᠣᠬᠢᠷᠳᠣᠯ ᠦᠭᠡᠢ ᠠᠭᠤᠷᠬᠠᠢ 14 ᠪᠣᠯᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠲᠣᠰ ᠪᠦᠷᠢ 32.8% ᠪᠠ 62.7% ᠬᠥᠷᠪᠡ᠃    ⒓ ︽ᠬᠠᠨ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠦᠷᠢᠮ︾  ᠢ ᠨᠡᠶᠢᠲᠡᠯᠡᠨ ᠬᠡᠷᠡᠭᠵᠢᠭᠦᠯᠪᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ 21 ᠵᠢᠯ ᠳᠠᠷᠠᠭᠠᠯᠠᠨ ︽ᠭᠤᠷᠪᠠ ᠥᠬᠡᠶ︾ ᠬᠠᠷᠠᠯᠲᠠ ᠶᠢ ᠪᠡᠶᠡᠯᠡᠭᠦᠯᠪᠡ᠃    ⒔ᠨᠡᠶᠢᠳᠡ 5 ᠳ᠋ᠦᠩᠰᠢᠭᠤᠷ ᠲᠦᠭᠦᠷᠢᠭ ᠪᠡᠯᠡ ᠤᠷᠤᠭᠤᠯᠵᠦ᠂ ᠬᠤᠳᠠ ᠶᠢᠨ ᠶᠠᠪᠤᠳᠠᠯ ᠤᠨ ᠭᠤᠤᠯᠳᠠᠯᠭ᠎ᠠ ᠲᠠᠢ ᠲᠦᠷᠤᠯ ᠵᠤᠶᠢᠯ ᠢ 43 ᠬᠡᠷᠡᠭᠵᠢᠭᠦᠯᠪᠡ᠃    ⒕︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠨᠢᠭᠡ ᠯᠡ ᠤᠳᠠᠭ᠎ᠠ ᠭᠦᠶᠴᠡᠳᠬᠡᠬᠦ︾ ᠵᠦᠶᠯᠡᠰ 333 ᠪᠤᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ 0.6 ᠲᠦᠮᠡᠨ ᠡᠷᠦᠬᠡ ᠪᠠᠶᠢᠭᠰᠠᠨ ᠠᠴᠠ ᠪᠠᠨ 2.1 ᠲᠦᠮᠡᠨ ᠡᠷᠦᠬᠡ ᠪᠤᠯᠤᠨ ᠨᠡᠮᠡᠭᠳᠡᠵᠦ᠂ ᠪᠠᠶᠢᠭᠤᠯᠣᠮᠵᠢ ᠲᠣᠭᠲᠠᠴᠠ ᠨᠡᠩ ᠰᠢᠯᠣᠭᠤᠨ ᠪᠣᠯᠪᠠ᠃ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠦᠷᠭᠡᠳᠬᠡᠵᠦ᠂ ᠨᠡᠶᠢᠲᠡ 155 ᠲᠥᠷᠥᠯ ᠵᠦᠶᠯ ᠢ ᠣᠷᠣᠭᠤᠯᠤᠨ ᠠᠪᠴᠢᠷᠠᠵᠤ᠂ 267 ᠳ᠋ᠦᠩᠰᠢᠭᠤᠷ ᠲᠥᠭᠦᠷᠢᠭ ᠪᠠᠯᠠ ᠮᠥᠩᠭᠦ ᠪᠣᠳᠠᠲᠠᠶᠢᠵᠢᠭᠤᠯᠪᠠ᠃    ⒖ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠵᠠᠷᠤᠯᠭ᠎ᠠ ᠨᠡᠶᠢᠲᠡ 127 ᠳ᠋ᠦᠩᠰᠢᠭᠤᠷ ᠲᠥᠭᠦᠷᠢᠭ ᠬᠦᠷᠴᠦ ᠂ ᠡᠩ ᠤᠨ ᠣᠯᠠᠨ ᠨᠡᠶᠢᠲᠡ ᠶᠢᠨ ᠲᠥᠰᠦᠪ ᠤᠨ ᠶᠡᠷᠦᠩᠬᠡᠶ ᠵᠠᠷᠤᠯᠭ᠎ᠠ ᠶᠢᠨ 70% ᠠᠴᠠ ᠳᠡᠭᠡᠭᠰᠢᠬᠢ ᠶᠢ ᠡᠵᠡᠯᠡᠪᠡ᠃    ⒗ᠠᠷᠠᠳ ᠤᠨ ᠲᠥᠯᠥᠭᠡᠯᠡᠭᠴᠢᠳ ᠤᠨ 6 ᠬᠤᠪᠢ ᠰᠠᠨᠠᠯ ᠵᠥᠪᠯᠡᠯᠭᠡ᠂ 296 ᠬᠤᠪᠢ ᠰᠠᠨᠠᠭᠤᠯᠭ᠎ᠠ᠂ 195 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠯ ᠲᠤᠷᠠᠳᠤᠯᠭ᠎ᠠ ᠶᠢ ᠬᠢᠨᠠᠮᠠᠭᠠᠢ ᠭᠦᠢᠴᠡᠳᠭᠡᠪᠡ᠃        
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号