ᠵᠠᠷᠤᠳ ᠬᠤᠰᠢᠭᠤᠨ ᠤ 2022 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠤᠨ ᠲᠠᠶᠢᠯᠤᠮᠵᠢ ︵ | ᠬᠤᠶᠠᠷ︶ | ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠠᠨᠠᠭᠤᠯᠭ᠎ᠠ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠄ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ | ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠦ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠦ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠂ ︽ᠳᠥᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠦ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ | ᠰᠡᠳᠦᠪ ᠪᠤᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠵᠦ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠪᠠᠷ ᠦᠨᠳᠦᠰᠦᠨ ᠵᠣᠷᠢᠯᠭ᠎ᠠ ᠪᠤᠯᠭᠠᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ | ᠪᠠᠷᠢᠮᠳᠠᠯᠠᠨ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠂ ᠤᠳᠦ ᠦᠶ᠎ᠡ ᠶᠢᠨ ᠡᠨᠧᠷᠭᠢ ᠶᠢᠨ | ᠰᠤᠷᠪᠤᠯᠵᠢ᠂ ᠨᠡᠭᠦᠷᠡᠰᠦ ᠴᠠᠬᠢᠯᠭᠠᠨ ᠬᠥᠩᠭᠡᠨᠴᠠᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠣᠶᠣᠯ | ᠵᠢᠭᠤᠯᠴᠢᠯᠠᠯ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠦᠭᠵᠢᠭᠦᠯᠤᠨ᠂ ᠰᠢᠨᠵᠢᠯᠡᠭᠡ ᠮᠡᠷᠭᠡᠵᠢᠯ | ᠤᠨ ᠰᠢᠨ᠎ᠡ ᠶᠢ ᠡᠭᠦᠳᠬᠦ ᠲᠠᠪᠴᠠᠩ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠪᠴᠠᠩ᠂ ᠠᠵᠤ ᠦᠶᠯᠡᠳᠪᠦᠷᠢ | ᠶᠢᠨ ᠲᠣᠭᠤᠷᠢᠭ ᠤᠨ ᠠᠴᠢᠶᠠᠯᠠᠬᠤ ᠲᠠᠪᠴᠠᠩ ᠢ ᠬᠦᠴᠦᠯᠡᠨ ᠪᠠᠶᠢᠭᠤᠯᠵᠦ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠠᠮᠤᠷ ᠲᠦᠪᠰᠢᠨ ᠲᠣᠭᠲᠠᠭᠤᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠬᠢ | ᠲᠤᠳᠠᠭᠳᠠᠯ ᠢᠶᠠᠨ ᠲᠦᠷᠭᠡᠳᠬᠡᠨ ᠨᠦᠬᠦᠪᠤᠷᠢᠯᠡᠨ᠂ ᠤᠯᠤᠰ ᠲᠥᠷᠥ ᠶᠢᠨ ᠣᠷᠴᠢᠨ ᠨᠥᠬᠦᠴᠡᠯ᠂ ᠠᠮᠢ ᠠᠬᠤᠶ ᠶᠢᠨ | ᠣᠷᠴᠢᠨ ᠲᠣᠭᠤᠷᠢᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠤᠨ᠂ | ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠯᠠᠪᠳᠠᠭᠤᠨ | ᠪᠠᠲᠤᠲᠠᠶ ᠠᠬᠢᠭᠤᠯᠤᠨ᠂ ᠨᠡᠩ ᠥᠨᠳᠥᠷ ᠴᠢᠨᠠᠷ ᠴᠢᠨᠰᠠᠭ᠎ᠠ ᠲᠠᠢ᠂ ᠨᠠᠩ ᠦᠷ᠎ᠡ ᠪᠦᠳᠤᠮᠵᠢ ᠲᠠᠢ᠂ ᠨᠡᠩ ᠭᠤᠣᠯᠴᠢ᠂ | ᠨᠠᠩ ᠦᠷᠬᠦᠯᠵᠢᠯᠡᠬᠦᠶᠢᠴᠡ᠂ ᠨᠠᠩ ᠠᠮᠤᠷ ᠲᠦᠪᠰᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ | ᠪᠠᠶᠢᠭᠤᠯᠤᠨ᠂ ᠨᠡᠶᠢᠭᠡᠮ ᠵᠢᠷᠤᠮᠳᠤ ᠤᠳᠤᠬᠢᠴᠢᠯᠠᠭᠰᠠᠨ ᠵᠠᠷᠤᠳ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃ | ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠭᠤᠣᠯ ᠬᠠᠷᠠᠯᠲᠠ ᠪᠣᠯ᠄ | — ᠶᠠᠰᠤ ᠴᠢᠨᠠᠷ ᠢᠶᠠᠷ ᠨᠡᠩ ᠥᠨᠳᠥᠷ ︽ᠪᠣᠳᠠᠲᠤ ᠬᠦᠴᠦᠨ ᠲᠠᠢ ᠵᠠᠷᠤᠳ︾ ᠢ ᠪᠦᠳᠦᠬᠡᠨ ᠪᠠᠶᠢᠭᠤᠯᠤᠨ᠎ᠠ᠃ | | — ᠬᠤᠳᠠ ᠬᠥᠳᠡᠭᠡ ᠶᠢ ᠨᠡᠩ ᠭᠤᠶᠤ ᠰᠠᠶᠢᠬᠠᠨ ︽ᠰᠠᠭᠤᠷᠢᠰᠢᠬᠤ ᠳᠤ ᠲᠠᠭᠠᠯᠠᠮᠵᠢᠳᠠᠢ ᠵᠠᠷᠤᠳ︾ ᠢ | ᠪᠦᠳᠦᠭᠡᠨ ᠪᠠᠶᠢᠭᠤᠯᠤᠨ᠎ᠠ᠃ | — ᠠᠮᠢ ᠠᠬᠤᠢ ᠨᠡᠩ ᠰᠢᠯᠢᠳᠡᠭ ︽ᠪᠣᠬᠢᠷᠲᠤᠯ ᠦᠭᠡᠢ ᠵᠠᠷᠤᠳ︾ ᠢ ᠪᠦᠳᠦᠭᠡᠨ ᠪᠠᠶᠢᠭᠤᠯᠤᠨ᠎ᠠ᠃ | — ᠬᠥᠳᠡᠯᠭᠡᠬᠦ ᠬᠦᠴᠦᠨ ᠢᠶᠠᠷ ᠨᠡᠩ ᠴᠢᠩᠭ᠎ᠠ ︽ᠠᠮᠢᠵᠢᠷᠠᠯ ᠤᠨ ᠬᠦᠴᠦᠨ ᠲᠠᠢ ᠵᠠᠷᠤᠳ︾ ᠢ ᠪᠦᠳᠦᠭᠡᠨ | ᠪᠠᠶᠢᠭᠤᠯᠤᠨ᠎ᠠ᠃ | — ᠠᠮᠢᠳᠤᠷᠠᠯ ᠨᠢ ᠨᠡᠩ ᠰᠠᠶᠢᠨ ᠰᠠᠶᠢᠬᠠᠨ ︽ᠵᠣᠯ ᠵᠢᠷᠭᠠᠯᠲᠤ ᠵᠠᠷᠤᠳ︾ ᠢ ᠪᠦᠳᠦᠭᠡᠨ ᠪᠠᠶᠢᠭᠤᠯᠤᠨ᠎ᠠ᠃ | | |