ᠵᠠᠷᠤᠳ ᠬᠤᠰᠢᠭᠤᠨ ᠤ 2022 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠤᠨ ᠲᠠᠶᠢᠯᠤᠮᠵᠢ  ︵ᠭᠤᠷᠪᠠ ︶
ᠨᠡᠶᠢᠲᠡᠯᠡᠭᠰᠡᠨ ᠴᠠᠭ᠄
2022/4/18
     ᠵᠠᠷᠤᠳ ᠬᠤᠰᠢᠭᠤᠨ ᠤ 2022 ᠣᠨ ᠤ ᠵᠠᠰᠠᠭ ᠤᠨ ᠤᠷᠳᠤᠨ ᠤ ᠠᠵᠢᠯ ᠤᠨ        ᠢᠯᠡᠳᠬᠡᠯ ᠤᠨ ᠲᠠᠶᠢᠯᠤᠮᠵᠢ  ︵ᠭᠤᠷᠪᠠ  ︶ 2022 ᠣᠨ ᠤ ᠵᠢᠱᠢᠭᠰᠡᠨ ᠬᠠᠷᠠᠯᠲᠠ  ᠄   ⒈ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7% ᠪᠠᠷ ᠨᠡᠮᠡᠭᠳᠡᠭᠦᠯᠦᠨ᠎ᠡ︔   ⒉ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠣᠯᠲᠠ ᠶᠢ 40% ᠨᠡᠮᠡᠭᠳᠡᠭᠦᠯᠦᠨ᠎ᠡ︔   ⒊ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 8% ᠨᠡᠮᠡᠭᠳᠡᠭᠦᠯᠦᠨ᠎ᠡ︔   ⒋ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ 7% ᠨᠡᠮᠡᠭᠳᠡᠭᠦᠯᠦᠨ᠎ᠡ︔   ⒌ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠱᠢᠯᠲᠡ ᠪᠠᠷ ᠲᠤᠰ ᠪᠦᠷᠢ 8% ᠪᠠ 9% ᠨᠡᠮᠡᠭᠳᠡᠭᠦᠯᠦᠨ᠎ᠡ︔   ⒍ ᠨᠢᠭᠡᠴᠢ GDP ᠶᠢᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ ᠲᠠᠯ᠎ᠠ ᠪᠠᠷ ᠳᠡᠭᠡᠳᠦ ᠱᠠᠲᠤᠨ ᠠᠴᠠ ᠪᠠᠭᠤᠯᠭᠠᠭᠰᠠᠨ ᠬᠠᠷᠠᠯᠳᠠ ᠡᠭᠦᠷᠭᠡ ᠶᠢ ᠪᠡᠶᠡᠯᠡᠭᠦᠯᠦᠨ᠎ᠡ᠃2022 ᠣᠨ ᠤ ᠭᠤᠣᠯ ᠠᠵᠢᠯ  ᠄     ⒈ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠣᠪᠤᠶᠢᠯᠭᠠᠵᠤ᠂ ᠪᠦᠲᠦᠮᠵᠢᠲᠡᠶ ᠪᠠᠯᠠ ᠣᠷᠣᠭᠤᠯᠤᠯᠲᠠ ᠶᠡᠭᠡ ᠬᠡᠮᠵᠢᠶ᠎ᠡ ᠪᠠᠷ ᠨᠡᠮᠡᠭᠳᠡᠬᠦ ᠶᠢ ᠠᠬᠢᠭᠤᠯᠤᠨ᠎ᠠ    ⑴ ᠳᠠᠶᠠᠭᠠᠷ ᠢᠶᠠᠨ ᠬᠤᠳᠠᠯᠳᠤᠭᠠᠴᠢᠨ ᠣᠷᠢᠬᠤ ᠰᠢᠨ᠎ᠡ ᠦᠷᠨᠢᠯᠲᠡ ᠶᠢ ᠪᠣᠢ ᠪᠣᠯᠭᠠᠨ᠎ᠠ᠃    ⑵ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠬᠤᠷᠳᠣᠴᠠ ᠪᠠᠨ ᠲᠦᠷᠭᠡᠳᠭᠡᠨ᠎ᠡ᠃    ⑶ᠪᠡᠯᠡ ᠮᠦᠩᠬᠦ ᠣᠯᠵᠤ ᠲᠥᠷᠦᠯ ᠵᠦᠢᠯ ᠲᠣᠭᠲᠠᠭᠠᠬᠤ ᠰᠢᠳᠠᠷ᠎ᠠ ᠶᠢ ᠰᠠᠶᠢᠲᠤᠷ ᠳᠠᠯᠪᠢᠨ᠎ᠠ᠃    ⑷ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠢ ᠪᠣᠯᠭᠠᠨ᠎ᠠ᠃    ⒉ᠬᠡᠯᠬᠢᠶᠡᠵᠢᠭᠦᠯᠦᠨ ᠠᠬᠢᠭᠤᠯᠬᠤ ᠶᠢ ᠪᠠᠷᠢᠮᠲᠠᠯᠠᠨ᠂ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠪᠦᠯᠦᠭᠯᠡᠯ ᠢ ᠪᠤᠶᠢᠵᠢᠭᠤᠯᠤᠨ᠎ᠠ᠃    ⑴︽ᠳᠤᠮᠳᠠᠳᠤ ᠤᠯᠤᠰ ᠤᠨ ᠲᠠᠯ᠎ᠠ ᠨᠤᠲᠤᠭ ᠤᠨ ᠠᠯᠠᠰᠢᠨ ᠦᠬᠡᠷ ᠤᠨ ᠭᠤᠣᠯ ᠬᠤᠲᠠ︾  ᠶᠢ ᠪᠠᠶᠢᠭᠤᠯᠤᠨ᠎ᠠ    ⑵ᠪᠦᠬᠦ ᠣᠷᠣᠨ ᠤ ᠪᠣᠬᠢᠷᠳᠣᠯ ᠦᠭᠡᠢ ᠨᠡᠭᠦᠷᠡᠰᠦ ᠴᠠᠬᠢᠯᠭᠠᠨ ᠬᠦᠩᠭᠡᠨᠴᠠᠭᠠᠨ ᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠣᠨ᠎ᠠ᠃    ⑷ᠪᠦᠬᠦ ᠣᠷᠣᠨ ᠤ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠡᠭᠡᠲᠦ ᠳᠡᠰ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠣᠨ᠎ᠠ᠃          ⑸ ᠪᠦᠬᠦ ᠬᠤᠲᠠ ᠶᠢᠨ ᠪᠣᠬᠢᠷᠳᠣᠯ ᠦᠭᠡᠢ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠣᠨ᠎ᠠ᠃    ⑹ᠪᠦᠬᠦ ᠬᠤᠲᠠ ᠶᠢᠨ ᠰᠢᠨ᠎ᠡ ᠬᠡᠯᠪᠡᠷᠢ ᠶᠢᠨ ᠬᠠᠷ᠎ᠠ ᠳᠤᠭᠤᠯᠭ᠎ᠠ ᠴᠠᠶᠢᠷ᠂ ᠪᠡᠯ ᠴᠢᠯᠠᠭᠤᠨ ᠠᠯᠺᠧᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠣᠨ᠎ᠠ᠃    ⑺ᠵᠠᠷᠣᠳ ᠤᠨ ᠴᠢᠨᠠᠷ ᠰᠠᠶᠢᠲᠠᠢ ᠲᠠᠯ᠎ᠠ ᠨᠤᠲᠤᠭ ᠤᠨ ᠠᠯᠠᠰᠢᠨ ᠬᠤᠨᠢᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠣᠨ᠎ᠠ᠃    ⑻ᠣᠷᠣᠨ ᠪᠦᠰᠡ ᠶᠢᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠣᠨ᠎ᠠ᠃    ⑼ᠪᠦᠬᠦ ᠬᠤᠲᠠ ᠶᠢᠨ ᠣᠶ ᠵᠢᠮᠢᠰ ᠵᠢᠴᠢ ᠬᠢᠲᠠᠳ ᠡᠪᠡᠰᠦᠨ ᠡᠮ ᠤᠨ ᠰᠠᠭᠤᠷᠢᠨ ᠭᠠᠵᠠᠷ ᠪᠠᠶᠢᠭᠤᠯᠣᠨ᠎ᠠ᠃    ⑽ᠪᠦᠬᠦ ᠬᠤᠲᠠ ᠶᠢᠨ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠰᠡᠯᠡᠭᠦᠴᠡᠯ ᠤᠨ ᠰᠠᠭᠤᠷᠢᠨ ᠭᠠᠵᠠᠷ ᠢ ᠪᠣᠢ ᠪᠣᠯᠭᠠᠨ᠎ᠠ᠃    ⑾ᠦᠪᠦᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠣᠨ᠎ᠠ᠃    ⒊ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠭᠡᠨ᠎ᠡ᠃    ⑴ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ᠎ᠡ᠃    ⑵ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠪᠦᠬᠦ ᠬᠦᠴᠦᠨ ᠢᠶᠠᠷ ᠠᠬᠢᠭᠤᠯᠣᠨ᠎ᠠ᠃    ⑶ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃      ⒋ ᠠᠵᠤ ᠦᠢᠯᠡᠰ ᠪᠠ ᠬᠤᠲᠠ ᠶᠢᠨ ᠠᠭᠤᠰᠤᠯᠴᠠᠯ ᠢ ᠴᠢᠩᠭᠠᠷᠠᠭᠤᠯᠵᠤ᠂ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃       ⑴ᠬᠤᠳᠠ ᠪᠠᠯᠭᠠᠰᠤᠨ ᠤ ᠴᠢᠳᠠᠮᠵᠢ ᠶᠢ ᠲᠡᠭᠦᠯᠳᠡᠷᠵᠢᠭᠦᠯᠦᠨ᠎ᠡ᠃   ⑵ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠶᠢ ᠪᠣᠶᠢᠵᠢᠭᠤᠯᠤᠨ᠎ᠠ᠃    ⒌ ᠰᠢᠨ᠎ᠡ ᠶᠢ ᠡᠭᠦᠳᠬᠦ ᠬᠦᠳᠡᠯᠭᠡᠭᠦᠷ ᠢ ᠴᠢᠩᠭᠠᠳᠬᠠᠵᠤ᠂ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠬᠦᠴᠦᠨ ᠢᠶᠠᠨ ᠴᠢᠩᠭᠠᠳᠬᠠᠨ᠎ᠠ᠃   ⑴ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠬᠦ ᠶᠢ ᠠᠬᠢᠭᠤᠯᠣᠨ᠎ᠠ᠃   ⑵ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃   ⑶ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃   ⑷ᠠᠵᠤ ᠦᠢᠯᠡᠳᠪᠦᠷᠢ ᠶᠢᠨ ᠲᠣᠭᠤᠷᠢᠭ ᠤᠨ ᠠᠴᠢᠶᠠᠯᠠᠪᠤᠷᠢ ᠶᠢᠨ ᠲᠠᠪᠴᠠᠩ ᠤᠨ ᠪᠠᠶᠢᠭᠤᠯᠣᠯᠲᠠ ᠶᠢ ᠠᠬᠢᠭᠤᠯᠣᠨ᠎ᠠ᠃    ⒍ ᠪᠣᠬᠢᠷᠲᠤᠯ ᠥᠬᠡᠶ ᠬᠦᠭᠵᠢᠭᠦᠯᠬᠦ ᠶᠢ ᠪᠠᠷᠢᠮᠲᠠᠯᠠᠵᠤ᠂ ᠣᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠶᠢᠭᠤᠯᠣᠨ᠎ᠠ᠃    ⑴ᠤᠢ ᠰᠢᠭᠤᠶ ᠨᠤᠲᠤᠭ ᠪᠡᠯᠴᠢᠭᠡᠷ ᠢ  ᠰᠠᠶᠢᠲᠤᠷ ᠬᠠᠮᠠᠭᠠᠯᠠᠨ᠎ᠠ᠃    ⑵ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃    ⑶ᠡᠷᠡᠰ ᠭᠤᠶᠢᠪᠢᠰᠢ ᠦᠭᠡᠢ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠣᠯᠣᠯᠲᠠ ᠶᠢᠨ ᠳᠠᠶᠢᠨ ᠢ ᠰᠠᠶᠢᠲᠣᠷ ᠬᠢᠨ᠎ᠡ᠃    ⑷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃    ⒎ᠠᠷᠠᠳ ᠤᠨ ᠪᠤᠶᠠᠨ ᠬᠡᠰᠢᠭ ᠢ ᠨᠡᠮᠡᠭᠳᠡᠭᠦᠯᠵᠦ᠂ ᠠᠷᠠᠳ ᠲᠥᠮᠡᠨ ᠤ ᠵᠣᠯ ᠵᠢᠷᠭᠠᠯᠲᠤ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃    ⑴ᠠᠳᠠᠯ ᠦᠢᠯᠡᠰ ᠪᠣᠰᠬᠠᠬᠤ ᠠᠵᠢᠯ ᠣᠯᠭᠤᠬᠤ ᠪᠠᠲᠤᠯᠠᠭ᠎ᠠ ᠶᠢ ᠴᠢᠩᠭᠠᠳᠬᠠᠨ᠎ᠠ᠃    ⑵ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠲᠡᠭᠦᠯᠳᠡᠷᠵᠢᠭᠦᠯᠤᠨ᠎ᠡ᠃    ⑶ᠰᠤᠷᠭᠠᠨ ᠬᠥᠮᠦᠵᠢᠯ ᠢ ᠪᠥᠬᠦ ᠲᠠᠯ᠎ᠠ ᠪᠠᠷ ᠲᠡᠩᠴᠡᠭᠦᠷᠢᠲᠡᠶ ᠬᠥᠭᠵᠢᠭᠦᠯᠦᠨ᠎ᠡ᠃    ⑷ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠤᠨ᠎ᠡ᠃    ⑸ᠰᠣᠶᠣᠯ ᠪᠡᠶ᠎ᠡ ᠲᠠᠮᠢᠷ ᠤᠨ ᠦᠢᠯᠡᠰ ᠢ  ᠴᠡᠭᠴᠡᠯᠡᠭᠦᠯᠦᠨ ᠬᠦᠭᠵᠢᠭᠦᠯᠤᠨ᠎ᠡ᠃    ⑹ᠨᠡᠶᠢᠭᠡᠮ ᠤᠨ ᠵᠠᠰᠠᠯᠲᠠ ᠶᠢ ᠲᠦᠯᠬᠢᠨ ᠠᠬᠢᠭᠤᠯᠤᠨ᠎ᠠ᠃  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号