ᠵᠠᠷᠤᠳ ᠬᠤᠰᠢᠭᠤᠨ ᠤ 2022 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠤᠨ ᠲᠠᠶᠢᠯᠤᠮᠵᠢ  ︵ᠲᠥᠷᠪᠡ︶
ᠨᠡᠶᠢᠲᠡᠯᠡᠭᠰᠡᠨ ᠴᠠᠭ᠄
2022/4/24
    ᠵᠠᠷᠤᠳ ᠬᠤᠰᠢᠭᠤᠨ ᠤ 2022 ᠣᠨ ᠤ ᠵᠠᠰᠠᠭ ᠤᠨ ᠤᠷᠳᠤᠨ ᠤ ᠠᠵᠢᠯ ᠤᠨ       ᠢᠯᠡᠳᠬᠡᠯ ᠤᠨ ᠲᠠᠶᠢᠯᠤᠮᠵᠢ  ︵ᠲᠥᠷᠪᠡ︶ ᠠᠷᠠᠳ ᠲᠦᠮᠡᠨ ᠳᠤ ᠲᠠᠭᠠᠰᠢᠶᠠᠭᠳᠠᠭᠰᠠᠨ ᠦᠶᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠥᠲᠥᠭᠡᠨ ᠪᠠᠶᠢᠭᠤᠯᠤᠨ᠎ᠠ     ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠨ᠎ᠡ᠃ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠢᠮᠠᠭᠲᠠ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠵᠡᠯᠳᠡ ᠲᠠᠨᠢᠯᠳᠠ᠂ ᠰᠡᠳᠬᠢᠬᠦᠶ ᠣᠶᠢᠯᠠᠭᠠᠭᠳᠠᠬᠤᠨ᠂ ᠠᠵᠢᠯ ᠤᠨ ᠠᠷᠭ᠎ᠠ ᠮᠠᠶ᠋ᠢᠭ ᠤᠨ ᠰᠢᠨ᠎ᠡ ᠴᠠᠭ ᠦᠶ᠎ᠡ ᠳᠤ ᠪᠥᠬᠦ ᠲᠠᠯ᠎ᠠ ᠪᠠᠷ ᠵᠣᠬᠢᠴᠠᠬᠤ ᠶᠢ ᠠᠬᠢᠭᠤᠯᠬᠤ ᠬᠡᠷᠡᠭᠳᠠᠢ᠃ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ ᠪᠦᠬᠦ ᠶᠠᠪᠤᠴᠠ ᠳᠤ ᠡᠷᠡᠰ  ᠲᠤᠭᠤᠰᠢᠯᠠᠭᠤᠯᠵᠦ᠂ ᠠᠵᠢᠯ ᠬᠢᠵᠦ ᠦᠢᠯᠡᠰ ᠴᠣᠭᠴᠠᠯᠠᠬᠤ ᠶᠢ ᠬᠠᠷᠢᠭᠤᠴᠠᠯᠭ᠎ᠠ ᠡᠭᠦᠷᠭᠡᠯᠡᠯ ᠢᠶᠠᠨ ᠪᠣᠯᠭᠠᠬᠤ ᠶᠢ ᠪᠠᠷᠢᠮᠲᠠᠯᠠᠵᠤ᠂ ᠠᠵᠢᠯ ᠬᠢᠪᠡᠯ ᠬᠠᠷᠢᠭᠤᠴᠠᠯᠭ᠎ᠠ ᠲᠠᠢ᠂ ᠬᠢᠪᠡᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠳᠠᠢ᠂ ᠵᠥᠷᠢᠴᠡᠯ ᠤᠨ ᠡᠮᠦᠨ᠎ᠡ ᠵᠠᠶᠢᠯᠠᠬᠤ ᠦᠭᠡᠢ᠂ ᠵᠣᠷᠢᠭᠲᠠᠢ ᠬᠠᠮᠢᠶᠠᠷᠬᠤ ᠬᠡᠷᠡᠭᠳᠠᠢ᠂ ᠬᠦᠴᠢᠷ ᠪᠡᠷᠬᠡᠰᠢᠶᠡᠯ ᠤᠨ ᠡᠮᠦᠨ᠎ᠡ ᠤᠬᠤᠷᠢᠬᠤ ᠦᠭᠡᠢ᠂ ᠵᠣᠷᠢᠭᠲᠠᠢ ᠲᠤᠷᠰᠢᠬᠤ ᠬᠡᠷᠡᠭᠳᠠᠢ᠂ ᠬᠠᠷᠢᠭᠤᠴᠠᠯᠭ᠎ᠠ ᠶᠢᠨ ᠡᠮᠦᠨ᠎ᠡ ᠬᠠᠷᠢᠯᠴᠠᠨ ᠲᠦᠯᠬᠢᠯᠴᠡᠬᠦ ᠦᠭᠡᠢ᠂ ᠵᠣᠷᠢᠭᠲᠠᠢ ᠬᠠᠷᠢᠭᠤᠴᠠᠬᠤ ᠬᠡᠷᠡᠭᠳᠠᠢ᠂ ᠦᠨᠡᠨ ᠠᠴᠠ  ᠮᠦᠨ ᠢ ᠡᠷᠢᠬᠦ ᠵᠣᠷᠢᠭ ᠰᠠᠨᠠᠭ᠎ᠠ ᠪᠠᠷ ᠠᠵᠢᠯ ᠨᠢᠭᠡᠪᠦᠷᠢ ᠶᠢ ᠰᠠᠶᠢᠲᠤᠷ ᠠᠳᠬᠤᠵᠤ᠂ ᠦᠨᠡᠨ ᠬᠦ ᠬᠠᠲᠠᠭᠤ ᠲᠠᠢ ᠬᠠᠯᠳᠠᠬᠤ ᠰᠤᠷᠲᠠᠯ ᠢᠶᠠᠷ ᠬᠦᠴᠢᠷ ᠠᠰᠠᠭᠤᠳᠠᠯ ᠨᠢᠭᠡᠪᠦᠷᠢ ᠶᠢ  ᠰᠢᠢᠳᠪᠤᠷᠢᠯᠡᠬᠦ ᠬᠡᠷᠡᠭᠳᠠᠢ᠃     ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠦᠨᠡᠨ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠠᠷᠠᠳ ᠲᠦᠮᠡᠨ ᠳᠤ ᠬᠠᠶᠢᠷ᠎ᠠ ᠰᠡᠳᠬᠢᠯᠭᠡ  ᠲᠠᠢ ᠪᠠᠶᠢᠬᠤ ᠶᠢ ᠪᠠᠲᠤ ᠵᠢᠷᠤᠮᠯᠡᠨ᠂ ᠴᠠᠭ ᠢᠮᠠᠭᠲᠠ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠰᠡᠳᠬᠢᠯ ᠳᠡᠭᠡᠨ ᠪᠤᠳᠤᠵᠤ ᠶᠠᠪᠤᠬᠤ ᠬᠡᠷᠡᠭᠲᠡᠢ᠃ ᠤᠯᠠᠨ ᠲᠦᠮᠡᠨ ᠤ ︽ᠪᠠᠴᠢᠮ ᠬᠦᠴᠢᠷ ᠵᠤᠪᠠᠵᠦ ᠬᠦᠰᠡᠵᠦ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠠᠩᠬᠠᠷᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠣᠷᠣᠯᠭ᠎ᠠ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠠᠮᠤᠷ ᠲᠦᠪᠰᠢᠨ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠶᠢᠨ ᠰᠠᠨᠠᠭᠠᠰᠢᠷᠠᠵᠤ᠂ ᠵᠣᠪᠠᠨᠢᠵᠤ᠂ ᠬᠦᠰᠡᠵᠦ ᠰᠠᠨᠠᠵᠦ ᠪᠠᠶᠢᠭ᠎ᠠ ᠶᠠᠪᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠢ ᠨᠡᠩ ᠤᠯᠠᠨ ᠵᠢᠷᠭᠠᠯᠲᠤ ᠰᠡᠳᠬᠢᠯᠭᠡ ᠲᠠᠢ᠂ ᠬᠦᠷᠲᠡᠮᠵᠢ ᠶᠢᠨ ᠲᠦᠷᠦᠭᠳᠡᠯ ᠲᠠᠢ᠂ ᠠᠮᠤᠷ ᠲᠠᠶᠢᠪᠤᠩ ᠪᠤᠳᠤᠯ ᠲᠠᠢ ᠪᠣᠯᠭᠠᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠬᠠᠩᠭᠠᠨ ᠪᠣᠷᠣᠯᠠᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠂ ᠰᠤᠷᠭᠠᠨ ᠬᠥᠮᠦᠵᠢᠯ᠂ ᠠᠮᠤ ᠪᠤᠳᠠᠭ᠎ᠠ᠂ ᠮᠥᠩᠭᠦᠨ ᠭᠦᠶᠯᠭᠡᠭᠡ᠂ ᠨᠡᠭᠡᠭᠡᠯᠲᠡ ᠶᠢᠨ  ᠲᠤᠭᠤᠷᠢᠭ᠂ ᠲᠤᠭ᠎ᠠ ᠪᠦᠷᠢᠳᠬᠡᠯ ᠢ ᠬᠢᠨᠠᠨ ᠪᠠᠶᠢᠴᠠᠭᠠᠬᠤ ᠵᠡᠷᠭᠡ ᠬᠦᠷᠢᠶᠡᠨ ᠳᠠᠬᠢ ᠲᠤᠰᠬᠠᠶ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠦ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ︽ᠰᠡᠬᠦᠯ ᠤᠨ ᠬᠠᠭᠠᠰ ᠵᠤᠬᠢᠶᠠᠯ︾ ᠢ ᠰᠠᠶᠢᠲᠤᠷ ᠪᠢᠴᠢᠭᠯᠡᠨ᠎ᠡ᠃    ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠵᠢᠷᠤᠮᠵᠢᠭᠤᠯᠬᠤ ᠶᠢ ᠴᠢᠬᠤᠯᠠᠴᠢᠯᠠᠨ᠎ᠠ᠃ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠲᠡᠭᠡᠭᠰᠢᠯᠡᠭᠦᠯᠤᠨ᠎ᠡ᠃ ᠬᠢᠨᠠᠯᠲᠠ ᠲᠠᠯᠪᠢᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠵᠥᠪᠯᠡᠯᠭᠡ᠂ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠭᠡᠨ᠎ᠡ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭᠠᠳᠬᠠᠨ᠂ ᠡᠷᠬᠡ ᠪᠠᠨ ᠢᠯᠡ ᠪᠠᠷ ᠭᠦᠢᠴᠡᠳᠭᠡᠬᠦ ᠶᠢ ᠦᠨᠡᠨᠬᠦ ᠪᠠᠲᠤᠯᠠᠵᠤ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠪᠠ ᠨᠡᠶᠢᠲᠡ ᠳᠤ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃     ᠠᠷᠢᠭᠤᠨ ᠴᠢᠬᠡᠴᠢ ᠪᠠᠶᠢᠵᠦ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠤᠯᠭᠠᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠠᠯᠪᠠᠨ ᠤ ᠭᠤᠷᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠭᠡᠴᠢ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠭᠦᠨᠵᠡᠭᠡᠢ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠢᠨᠵᠧᠨᠧᠷᠢᠩ ᠵᠡᠷᠭᠡ ᠭᠤᠤᠯᠳᠠᠯᠭ᠎ᠠ ᠲᠠᠢ ᠬᠦᠷᠢᠶᠡᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠷᠠᠳ ᠤᠨ ᠲᠥᠯᠥᠭᠡ ᠪᠣᠳᠠᠲᠠᠶ ᠶᠢ ᠡᠷᠬᠢᠮᠯᠡᠨ ᠠᠷᠢᠭᠤᠨ ᠴᠢᠬᠡᠴᠢ ᠰᠠᠶᠢᠨ ᠰᠠᠶᠢᠬᠠᠨ ᠳᠦᠷᠢ ᠲᠥᠷᠬᠦ ᠶᠢ ᠦᠨᠡᠨ ᠬᠦ ᠪᠣᠶ ᠪᠣᠯᠭᠠᠨ᠎ᠠ᠃  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号