ᠯᠦᠪᠸᠢ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠶᠡᠭᠡ ᠪᠠᠶᠢᠴᠠᠭᠠᠯᠲᠠ ᠥᠷᠨᠢᠭᠦᠯᠵᠦ ᠪᠦᠬᠦ ᠪᠠᠯᠭᠠᠰᠤ ᠶᠢᠨ ︽ᠠᠶᠤᠯᠭᠦᠢ ᠶᠢᠨ ᠨᠡᠭᠡᠯᠡᠭᠡᠢ︾ ᠶᠢ ᠴᠢᠩᠭᠠᠯᠠᠪᠠ
ᠨᠡᠶᠢᠲᠡᠯᠡᠭᠰᠡᠨ ᠴᠠᠭ᠄
2022/4/26
   ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢᠶᠠᠷ ᠦᠨᠡᠨᠬᠦ  ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠪᠠ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠣᠯᠠᠬᠤ ᠶᠢᠨ ᠲᠦᠯᠦᠭᠡ᠂ 4 ᠰᠠᠷ᠎ᠠ ᠶᠢᠨ 25  ᠤ ᠡᠳᠦᠷ᠂ ᠯᠦᠪᠧᠢ ᠪᠠᠯᠭᠠᠰᠤ ᠶᠢᠨ ᠬᠢᠨ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠮᠢᠯᠠᠭᠰᠠᠨ ᠰᠠᠯᠪᠤᠷᠢ᠂ ᠢᠳᠡᠭᠡᠨ ᠪᠠ ᠡᠮ ᠤᠨ ᠵᠦᠢᠯᠡᠰ ᠤᠨ ᠭᠠᠵᠠᠷ᠂ ᠬᠠᠤᠯᠢ ᠴᠠᠭᠠᠵᠠ ᠶᠢᠨ ᠭᠠᠵᠠᠷ᠂ ᠭᠠᠵᠠᠷ ᠰᠢᠷᠣᠢ ᠶᠢᠨ ᠭᠠᠵᠠᠷ ᠵᠢᠴᠢ ᠠᠶᠤᠯᠭᠦᠢ ᠦᠢᠯᠡᠳᠪᠦᠷᠢᠯᠡᠯ ᠤᠨ ᠠᠯᠪᠠᠨ ᠭᠡᠷ ᠵᠡᠷᠭᠡ ᠰᠠᠯᠠᠭ᠎ᠠ ᠮᠥᠴᠢᠷ ᠨᠢᠭᠡᠴᠡ ᠶᠢ ᠵᠣᠬᠢᠶᠠᠨ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠶᠡᠭᠡ ᠪᠠᠶᠢᠴᠠᠭᠠᠯᠲᠠ ᠥᠷᠨᠢᠭᠦᠯᠵᠦ᠂ ᠬᠠᠷᠢᠶ᠎ᠠ ᠣᠷᠣᠨ ᠤ ᠡᠵᠡᠩᠨᠡᠯᠲᠡ ᠶᠢᠨ ᠲᠠᠯᠠᠪᠤᠷ ᠢ ᠪᠠᠶᠢᠴᠠᠭᠠᠨ ᠱᠠᠭᠠᠷᠳᠠᠵᠤ  ᠲᠠᠪᠣᠨ ᠰᠠᠷ᠎ᠠ ᠶᠢᠨ ᠨᠢᠭᠡᠨ ᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号