| ᠲᠣᠰ ᠭᠠᠵᠠᠷ ᠣᠷᠣᠨ ᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠨ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 25 ᠤ ᠡᠳᠦᠷ᠂ ᠳᠣᠯᠣᠲᠤ ᠰᠤᠮᠤ ᠲᠠᠯ᠎ᠠ ᠨᠤᠲᠤᠭ ᠤᠨ | ᠠᠯᠠᠰᠢᠨ ᠦᠬᠡᠷ ᠤᠨ ᠠᠵᠤ ᠦᠢᠯᠡᠰ ᠢ ᠬᠠᠮᠲᠤ ᠪᠠᠷ ᠬᠦᠭᠵᠢᠭᠦᠯᠵᠦ ᠬᠠᠮᠲᠤ ᠪᠠᠷ ᠪᠠᠶᠢᠭᠤᠯᠬᠤ ᠵᠦᠪᠳᠡᠨ ᠬᠡᠯᠡᠯᠴᠡᠬᠦ | ᠰᠠᠭᠤᠳᠠᠯ ᠤᠨ ᠬᠤᠷᠠᠯ ᠬᠢᠪᠡ᠃ ᠬᠤᠷᠠᠯ ᠠᠴᠠ ᠵᠢᠭᠠᠪᠣᠷᠢᠯᠠᠭᠰᠠᠨ ᠨᠢ᠂ ᠥᠷᠭᠡᠨ ᠣᠯᠠᠨ ᠲᠡᠵᠢᠭᠡᠪᠦᠷᠢ ᠶᠢᠨ | ᠡᠷᠦᠬᠡ ᠶᠢᠨ ᠬᠢᠨ ᠰᠤᠮᠤᠨ ᠤ ᠦᠬᠡᠷ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠵᠠᠬ᠎ᠠ ᠳᠡᠯᠭᠡᠭᠦᠷ ᠢ | ᠥᠷᠭᠡᠳᠬᠡᠬᠦ ᠵᠡᠷᠭᠡ ᠣᠯᠠᠨ ᠵᠦᠢᠯ ᠤᠨ ᠠᠰᠢᠭᠲᠠᠢ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ | ᠠᠳᠬᠤᠵᠤ᠂ ᠦᠷᠡᠵᠢᠭᠦᠯᠦᠨ ᠪᠣᠶᠢᠵᠢᠭᠤᠯᠬᠤ᠂ ᠲᠡᠵᠢᠭᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ | ᠠᠯᠠᠰᠢᠨ ᠦᠬᠡᠷ ᠲᠡᠵᠢᠭᠡᠬᠦ ᠰᠢᠰᠲ᠋ᠧᠮ ᠢ ᠪᠣᠶ ᠪᠣᠯᠭᠠᠵᠤ᠂ ᠲᠡᠵᠢᠭᠡᠬᠦ ᠪᠠ ᠪᠣᠷᠣᠯᠠᠭᠤᠯᠬᠤ ᠶᠢ ᠰᠢᠨᠵᠢᠯᠡᠬᠦ ᠤᠬᠠᠭᠠᠨᠴᠢ | ᠪᠥᠭᠡᠳ ᠡᠮᠬᠢ ᠵᠢᠷᠤᠮ ᠲᠠᠢ ᠬᠢᠵᠦ᠂ ᠲᠣᠭᠲᠠᠪᠤᠷᠢᠲᠠᠢ᠂ ᠬᠡᠪᠴᠢᠶᠡᠵᠢᠭᠦᠯᠦᠭᠰᠡᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ | ᠪᠣᠶ ᠪᠣᠯᠭᠠᠵᠤ᠂ ᠪᠥᠬᠦ ᠰᠤᠮᠤᠨ ᠤ ᠠᠯᠠᠰᠢᠨ ᠦᠬᠡᠷ ᠤᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠬᠡᠷᠡᠭᠲᠡᠢ ᠭᠡᠪᠡ᠃ | | |