ᠯᠢᠦ ᠶᠣᠣ ᠯᠦᠪᠸᠢ ᠪᠠᠯᠭᠠᠰᠤᠨ ᠳᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/4/27
     4 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ ᠯᠦᠪᠧᠢ ᠪᠠᠯᠭᠠᠰᠤᠨ ᠤ ᠦᠷᠭᠡᠨᠲᠠᠯ᠎ᠠ ᠭᠠᠴᠠᠭ᠎ᠠ᠂ ᠺᠥ᠋ ᠯᠦᠩ ᠱᠠᠨ ᠲᠣᠰᠬᠤᠨ ᠪᠠ ᠰᠢᠶᠠᠩᠱᠠᠨ ᠪᠠᠯᠭᠠᠰᠤᠨ ᠤ ᠰᠢᠶᠠᠩᠱᠠᠨ ᠲᠣᠰᠬᠤᠨ᠂ ᠳ᠋ᠠ ᠯᠢᠦ ᠱᠤ᠋ ᠲᠣᠰᠬᠤᠨ ᠵᠡᠷᠭᠡ ᠲᠥᠷᠥᠯ ᠵᠦᠢᠯ ᠤᠨ ᠲᠣᠭᠤᠷᠢᠭ ᠲᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠯᠢᠦ ᠶᠣᠤ ᠵᠢᠭᠠᠪᠣᠷᠢᠯᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠠᠷᠢᠶᠠᠯᠠᠭ᠎ᠠ ᠶᠢ ᠬᠦᠴᠦᠷᠬᠡᠭᠵᠢᠭᠦᠯᠦᠨ ᠲᠠᠷᠢᠶᠠᠴᠢᠨ ᠢ ᠪᠠᠶᠠᠵᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠰᠢᠵᠢᠷ ᠠᠯᠳᠠᠨ ᠬᠤᠭᠤᠴᠠᠭ᠎ᠠ ᠶᠢ ᠪᠦᠬᠦ ᠬᠦᠴᠦᠨ ᠢᠶᠠᠷ ᠢᠶᠠᠨ ᠠᠮᠵᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠢᠨᠵᠧᠨᠧᠷᠢᠩ ᠤᠨ ᠠᠬᠢᠴᠠ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号