| 4 ᠰᠠᠷ᠎ᠠ ᠶᠢᠨ 26 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠢᠵᠦ᠂ | ᠭᠤᠣᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ ᠪᠠᠶᠢᠭ᠎ᠠ ᠪᠠᠶᠢᠳᠠᠯ ᠢ | ᠰᠣᠨᠣᠰᠴᠤ᠂ ᠵᠢᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ᠂ ᠪᠡᠷᠬᠡ | ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ | ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ | ᠪᠠᠲᠤ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠢ᠂ ᠳ᠋ᠢᠩ ᡁᠢ ᠭᠠᠩ᠂ ᠳ᠋ᠦᠩ ᠭᠤᠸᠠᠩ ᠢᠦᠢ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠱᠣᠣ ᠶᠠᠨ ᠵᠢᠶᠦ᠋ᠨ ᠵᠢᠭᠠᠪᠣᠷᠢᠯᠠᠭᠰᠠᠨ ᠨᠢ᠂ ᠬᠤᠰᠢᠭᠤ ᠳᠠᠶᠠᠭᠠᠷ ᠢᠶᠠᠷ ᠢᠶᠠᠨ ︽ᠨᠢᠭᠡ ᠬᠥᠯᠭᠡ ᠰᠢᠲᠠᠷ᠎ᠠ︾ ᠶᠢᠨ | ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠣᠳᠣᠬᠠᠨ ᠤ ᠬᠥᠭᠵᠢᠯᠲᠡ ᠶᠢᠨ ᠪᠠᠶᠢᠳᠠᠯ ᠢ ᠭᠦᠢᠴᠡᠳ ᠲᠠᠨᠢᠵᠤ᠂ | ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠨ᠂ ᠢᠳᠡᠪᠬᠢᠲᠡᠢ ᠪᠠᠷ ᠠᠵᠢᠯᠯᠠᠵᠤ᠂ ᠣᠯᠠᠨ ᠢᠶᠠᠷ ᠢᠶᠠᠨ ᠠᠷᠭ᠎ᠠ | ᠪᠣᠳᠣᠨ ᠬᠦᠴᠦ ᠭᠠᠷᠭᠠᠵᠤ᠂ ᠠᠵᠠ ᠲᠣᠬᠢᠶᠠᠯ ᠢ ᠠᠮᠵᠢᠨ᠂ ᠪᠦᠬᠦ ᠬᠦᠴᠦᠨ ᠢᠶᠠᠷ ᠢᠶᠠᠨ ᠭᠤᠣᠯᠳᠠᠯᠭ᠎ᠠ ᠲᠠᠢ ᠲᠥᠷᠥᠯ | ᠵᠦᠢᠯ ᠢ ᠲᠦᠯᠦᠪᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠷᠢᠮ ᠲᠦᠷᠦᠯ ᠵᠦᠢᠯ ᠤᠨ ᠬᠠᠮᠢᠶᠠᠷᠤᠭᠴᠢ ᠳᠤ | ᠲᠣᠬᠢᠷᠠᠭᠤᠯᠤᠯᠲᠠ ᠬᠢᠵᠦ᠂ ︽ᠲᠦᠷᠦᠯ ᠵᠦᠢᠯ ᠤᠨ ᠬᠠᠮᠢᠶᠠᠷᠤᠭᠴᠢ︾ ᠶᠢᠨ ᠦᠢᠯᠡᠴᠢᠯᠡᠭᠡᠨ ᠤ ᠲᠣᠭᠲᠠᠴᠠ ᠶᠢ | ᠣᠨᠣᠴᠠᠲᠠᠢ ᠬᠡᠷᠡᠭᠵᠢᠭᠦᠯᠵᠦ᠂ ᠴᠢᠬᠤᠯᠠ ᠶᠡᠭᠡ ᠲᠦᠷᠦᠯ ᠵᠦᠢᠯ ᠳᠤ ︽ᠬᠠᠮᠢᠶᠠᠷᠤᠭᠴᠢ︾ ᠮᠠᠶ᠋ᠢᠭ ᠤᠨ ᠪᠦᠬᠦ | ᠶᠠᠪᠤᠴᠠ ᠶᠢᠨ ᠦᠢᠯᠡᠴᠢᠯᠡᠭᠡ ᠬᠠᠩᠭᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠲᠤᠬᠠᠶᠢᠯᠠᠭᠰᠠᠨ | ᠠᠵᠢᠯ ᠢ ᠭᠦᠢᠴᠡᠳᠬᠡᠵᠦ᠂ ᠵᠣᠬᠢᠴᠠᠭᠤᠯᠤᠨ ᠦᠢᠯᠡᠴᠢᠯᠡᠬᠦ ᠡᠷᠴᠢᠮ ᠢᠶᠠᠨ ᠣᠯᠠᠮ ᠨᠢᠭᠡ ᠠᠯᠬᠤᠮ ᠴᠢᠩᠭᠠᠷᠠᠭᠤᠯᠵᠤ᠂ | ᠲᠦᠷᠦᠯ ᠵᠦᠢᠯ ᠢ ᠲᠦᠷᠭᠡᠨ ᠡᠬᠢᠯᠡᠭᠦᠯᠬᠦ᠂ ᠲᠦᠷᠭᠡᠨ ᠬᠢᠬᠦ᠂ ᠲᠦᠷᠭᠡᠨ ᠠᠬᠢᠭᠤᠯᠬᠤ ᠬᠡᠷᠡᠭᠲᠡᠢ᠃ ᠲᠦᠷᠦᠯ ᠵᠦᠢᠯ ᠢ | ᠠᠬᠢᠭᠤᠯᠬᠤ ᠳᠤᠮᠳᠠ ᠣᠷᠣᠰᠢᠵᠤ ᠪᠠᠶᠢᠭ᠎ᠠ ᠨᠡᠶᠢᠲᠡᠴᠢ ᠴᠢᠨᠠᠷ ᠲᠠᠢ᠂ ᠥᠪᠡᠷᠮᠢᠴᠡ ᠴᠢᠨᠠᠷ ᠲᠠᠢ ᠠᠰᠠᠭᠤᠳᠠᠯ ᠳᠤ | ᠴᠢᠭᠯᠡᠭᠦᠯᠦᠨ᠂ ᠰᠠᠯᠠᠭ᠎ᠠ ᠮᠥᠴᠢᠷ ᠤᠨ ᠬᠢᠨ ᠬᠤᠭᠤᠷᠣᠨᠳᠤ ᠪᠠᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠲᠤᠷᠠᠯ | ᠬᠦᠴᠦᠨ ᠢ ᠪᠦᠷᠢᠯᠳᠦᠭᠦᠯᠵᠦ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠵᠠᠮ ᠤᠨ ᠵᠢᠷᠤᠭ᠂ ᠴᠠᠭ ᠤᠨ ᠬᠦᠰᠦᠨᠦᠭᠲᠦ ᠶᠢ ᠨᠠᠷᠢᠨ ᠨᠢᠭᠲᠠ ᠲᠣᠭᠲᠠᠭᠠᠵᠤ᠂ | ᠠᠵᠢᠯ ᠤᠨ ᠬᠤᠭᠤᠴᠠᠭ᠎ᠠ ᠪᠠᠨ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠵᠦ ᠪᠠᠶᠢᠯᠳᠤᠵᠤ᠂ ᠡᠮᠦᠨᠡᠬᠢ | ᠬᠤᠭᠤᠴᠠᠭᠠᠨ ᠤ ᠭᠠᠷ ᠭᠦᠢᠴᠡᠳᠬᠡᠯ ᠬᠢᠬᠦ ᠠᠵᠢᠯ ᠢ ᠲᠣᠭᠲᠠᠭᠰᠠᠨ ᠴᠠᠭ ᠲᠤ ᠪᠡᠶᠡᠯᠡᠭᠦᠯᠬᠦ ᠶᠢ ᠪᠠᠲᠤᠯᠠᠵᠤ᠂ ᠲᠦᠷᠦᠯ | ᠵᠦᠢᠯ ᠢ ᠲᠦᠷᠭᠡᠨ ᠨᠠᠶᠢᠲᠠᠪᠣᠷᠢᠵᠢᠭᠤᠯᠣᠨ ᠪᠣᠲᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃ | | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠳᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠨᠢ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ | ᠬᠤᠯᠪᠣᠭᠳᠠᠵᠤ᠂ ᠭᠤᠣᠯᠳᠠᠯᠭ᠎ᠠ ᠲᠠᠢ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠲᠠᠨᠢᠯᠲᠠ ᠪᠠᠨ ᠣᠯᠠᠮ ᠭᠦᠨᠵᠡᠭᠡᠶᠢᠷᠡᠭᠦᠯᠵᠦ᠂ ᠠᠵᠢᠯ ᠤᠨ | ᠠᠷᠭ᠎ᠠ ᠬᠡᠮᠵᠢᠶ᠎ᠡ ᠪᠠᠨ ᠤᠯᠠᠮ ᠢᠶᠠᠷ ᠰᠢᠨᠡᠴᠢᠯᠡᠵᠦ᠂ ᠠᠬᠢᠭᠤᠯᠬᠤ ᠡᠷᠴᠢᠮ ᠢᠶᠠᠨ ᠤᠯᠠᠮ ᠴᠢᠩᠭᠠᠷᠠᠭᠤᠯᠬᠤ ᠶᠢ | ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠲᠦᠷᠦᠯ ᠵᠦᠢᠯ ᠤᠨ | ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠡᠷᠲᠡᠬᠡᠨ ᠡᠬᠢᠯᠡᠨ ᠪᠦᠲᠦᠭᠡᠨ ᠪᠠᠶᠢᠭᠤᠯᠵᠤ᠂ ᠡᠷᠲᠡᠬᠡᠨ | ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠳᠠᠯᠳᠤᠭᠠᠴᠢᠨ ᠤᠷᠢᠵᠤ ᠪᠡᠯᠡ | ᠲᠠᠲᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠷᠠᠭᠤᠯᠤᠨ᠂ | ᠨᠠᠩ ᠣᠯᠠᠨ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ | ᠬᠡᠷᠡᠭᠲᠡᠢ᠃ ᠠᠵᠢᠯ ᠢ ᠠᠬᠢᠭᠤᠯᠬᠤ ᠲᠣᠭᠲᠠᠴᠠ ᠪᠠᠶᠢᠭᠤᠯᠵᠤ᠂ ᠲᠣᠭᠲᠠᠭᠰᠠᠨ ᠬᠤᠭᠤᠴᠠᠭᠠᠨ ᠳᠤ ᠠᠵᠢᠯ ᠤᠨ | ᠵᠣᠬᠢᠴᠠᠭᠤᠯᠬᠤ ᠬᠤᠷᠠᠯ ᠬᠢᠵᠦ᠂ ᠱᠠᠭᠠᠷᠳᠠᠨ ᠭᠦᠢᠴᠡᠳᠭᠡᠯᠭᠡᠬᠦ ᠰᠠᠨᠠᠭᠤᠯᠬᠤ᠂ ᠠᠬᠢᠴᠠ ᠶᠢᠨ ᠬᠠᠷᠢᠭᠤ | ᠮᠡᠳᠡᠭᠦᠯᠦᠯᠲᠡ ᠶᠢ ᠰᠣᠨᠣᠰᠬᠤ᠂ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠪᠠᠷ ᠳᠠᠮᠵᠢᠨ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ | ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | | | |