ᠠᠷᠪᠠᠨ ᠭᠤᠷᠪᠠᠳᠤᠭᠠᠷ ᠬᠤᠭᠤᠴᠠᠭᠠᠨ ᠤ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ‍ᠤᠨ‌‍ᠬᠢᠨ ︽ᠪᠠᠯᠴᠢᠷ ᠬᠦᠨᠳᠡᠬᠦ ᠮᠠᠶ᠋ᠢᠭ︾ ᠤᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2022/4/27
   4 ᠰᠠᠷ᠎ᠠ ᠶᠢᠨ 24 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ︽ᠪᠠᠯᠴᠢᠷ ᠬᠦᠨᠳᠡᠬᠦ ᠮᠠᠶ᠋ᠢᠭ︾ ᠤᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠢᠪᠡ᠃ ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠰᠢᠨ᠎ᠡ ᠵᠣᠷᠢᠭ ᠰᠠᠨᠠᠭ᠎ᠠ᠂ ᠰᠢᠨ᠎ᠡ ᠱᠠᠭᠠᠷᠳᠠᠯᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠬᠤᠶᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠠᠭᠳᠠᠨ ᠪᠠᠶᠢᠴᠠᠭᠠᠬᠤ ᠡᠭᠦᠷᠭᠡ ᠪᠠ ᠠᠵᠢᠯ ᠤᠨ ᠲᠣᠬᠢᠷᠠᠭᠤᠯᠤᠯᠲᠠ ᠪᠠᠨ ᠮᠡᠳᠡᠭᠳᠡᠪᠡ︔ ᠴᠠᠭᠳᠠᠨ ᠪᠠᠶᠢᠴᠠᠭᠠᠬᠤ ᠠᠯᠪᠠᠨ ᠭᠡᠷ ᠤᠨ ᠬᠠᠷᠢᠭᠤᠴᠠᠯᠭᠠᠲᠠᠨ ᠲᠣᠰ ᠤᠳᠠᠭᠠᠨ ᠤ ᠴᠠᠭᠳᠠᠨ ᠪᠠᠶᠢᠴᠠᠭᠠᠬᠤ ᠠᠵᠢᠯ ᠢ ᠬᠡᠷᠬᠢᠨ ᠰᠠᠶᠢᠲᠤᠷ ᠥᠷᠨᠢᠭᠦᠯᠬᠦ ᠲᠤᠬᠠᠢ ᠠᠵᠢᠯ ᠤᠨ ᠱᠠᠭᠠᠷᠳᠠᠯᠭ᠎ᠠ ᠳᠤᠷᠠᠳᠪᠠ᠃ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠵᠠᠬᠠᠨᠠᠭᠤᠷ ᠠᠵᠤ ᠦᠢᠯᠡᠰ ᠤᠨ ᠲᠣᠭᠤᠷᠢᠭ ᠤᠨ ᠬᠠᠮᠢᠶᠠᠷᠤᠯᠲᠠ ᠶᠢᠨ ᠠᠯᠪᠠᠨ ᠭᠡᠷ ᠤᠨ ᠭᠤᠣᠯ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ
   ᠬᠤᠷᠠᠯ ᠠᠴᠠ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠬᠢᠨ ᠲᠣᠰ ᠡᠳᠦᠷ ᠠᠴᠠ ᠡᠬᠢᠯᠡᠨ 6 ᠰᠠᠷ᠎ᠠ ᠶᠢᠨ 12 ᠤᠨ ᠡᠳᠦᠷ ᠪᠣᠯᠲᠠᠯ᠎ᠠ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠵᠡᠷᠭᠡ 12 ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠣᠭᠤᠷᠢᠨ ᠳᠤ ︽ᠪᠠᠯᠴᠢᠷ ᠬᠦᠨᠳᠡᠬᠦ ᠮᠠᠶ᠋ᠢᠭ︾ ᠤᠨ ᠴᠠᠭᠳᠠᠨ ᠪᠠᠶᠢᠴᠠᠭᠠᠯᠲᠠ ᠥᠷᠨᠢᠭᠦᠯᠦᠨ᠎ᠡ᠃ ᠴᠠᠭᠳᠠᠨ ᠪᠠᠶᠢᠴᠠᠭᠠᠬᠤ ᠬᠤᠭᠤᠴᠠᠭᠠᠨ ᠳᠤ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠣ ᠬᠤᠳᠠ ᠶᠢᠨ ᠨᠠᠮ ᠤᠨ ᠬᠤᠷᠢᠶ᠎ᠠ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠲᠤᠰ ᠤᠳᠠᠭ᠎ᠠ ᠶᠢᠨ ᠴᠠᠭᠳᠠᠨ ᠪᠠᠶᠢᠴᠠᠭᠠᠬᠤ ᠠᠵᠢᠯ ᠢ ᠰᠠᠶᠢᠲᠤᠷ ᠥᠷᠨᠢᠭᠦᠯᠦᠨ᠎ᠡ᠃ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂  ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠬᠢᠨ ᠡᠭᠦᠷᠭᠡ ᠴᠢᠳᠠᠪᠬᠢ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠴᠢᠩᠭ᠎ᠠ ᠠᠩᠬᠠᠷᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠲᠤᠴᠢ ᠴᠢᠨᠠᠷᠲᠠᠢ ᠣᠨᠴᠠᠯᠢᠭ ᠢ ᠴᠢᠩᠭ᠎ᠠ ᠠᠩᠬᠠᠷᠴᠤ᠂ ︽ᠭᠤᠣᠯ ᠬᠠᠷᠢᠭᠤᠴᠠᠯᠭᠠᠲᠠᠨ︾ ᠪᠣᠯᠣᠨ ᠵᠠᠩᠭᠢᠯᠠᠭ᠎ᠠ ᠶᠢᠨ ᠴᠥᠭᠡᠨ ᠲᠣᠭᠠᠲᠠᠨ ᠢ ᠴᠢᠩᠭ᠎ᠠ ᠠᠩᠬᠠᠷᠴᠤ᠂ ᠠᠷᠠᠳ ᠤᠯᠠᠨ ᠤ ᠲᠤᠰᠬᠠᠯ ᠴᠢᠩᠭ᠎ᠠ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠤᠯᠤᠰ ᠲᠦᠷᠦ ᠶᠢᠨ ᠲᠠᠯ᠎ᠠ ᠪᠠᠷ ᠬᠢ ᠵᠦᠷᠢᠶ᠎ᠡ ᠶᠢ ᠭᠦᠨᠵᠡᠭᠡᠢ ᠡᠷᠢᠵᠦ᠂ ᠨᠠᠮ ᠤᠨ ᠤᠳᠤᠷᠢᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠨᠠᠮ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠭᠤᠣᠯᠳᠠᠯᠭ᠎ᠠ ᠶᠢ ᠡᠵᠡᠮᠳᠡᠵᠦ᠂ ᠠᠰᠠᠭᠤᠳᠠᠯ ᠤᠨ ᠵᠠᠩᠭᠢᠯᠠᠭ᠎ᠠ ᠶᠢ ᠴᠢᠭᠯᠡᠨ ᠬᠦᠴᠦᠯᠡᠬᠦ ᠬᠡᠷᠡᠭᠲᠡᠢ᠃ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠣᠭᠤᠷᠢᠨ ᠳᠤ᠂ ᠠᠵᠤ ᠠᠬᠤᠶᠢᠯᠠᠯ ᠲᠠᠢ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ᠂ ᠠᠵᠤ ᠠᠬᠤᠶᠢᠯᠠᠯ ᠡᠷᠬᠢᠯᠡᠬᠦ ᠬᠢᠨᠠᠨ ᠵᠥᠪᠰᠢᠶᠡᠷᠡᠬᠦ ᠲᠠᠯ᠎ᠠ ᠪᠠᠷ ᠭᠤᠣᠯᠳᠠᠯᠭ᠎ᠠ ᠲᠠᠢ ᠪᠠᠷ ᠬᠢᠨᠠᠯᠲᠠ ᠲᠠᠯᠪᠢᠵᠤ  ᠪᠠᠶᠢᠴᠠᠭᠠᠬᠤ ᠬᠡᠷᠡᠭᠲᠡᠢ᠃ ᠡᠯ᠎ᠡ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠬᠢᠨ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠤᠳᠤᠷᠢᠳᠬᠤ ᠪᠠᠭ ᠤᠨ ᠭᠡᠰᠢᠭᠦᠨ ᠢᠯᠠᠩᠭᠤᠶ᠎ᠠ ᠭᠤᠣᠯ ᠬᠠᠷᠢᠭᠤᠴᠠᠯᠭᠠᠲᠠᠨ ᠨᠥᠬᠦᠳ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠶᠢ ᠵᠥᠪ ᠢᠶᠠᠷ ᠲᠠᠨᠢᠵᠤ ᠲᠡᠭᠦᠨ ᠳᠤ ᠵᠥᠪ ᠢᠶᠠᠷ ᠬᠠᠨᠳᠤᠵᠤ᠂  ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠪᠤᠰᠤᠳᠴᠢ᠂ ᠦᠨᠡᠨ ᠪᠣᠳᠠᠲᠠᠢ᠂ ᠪᠦᠬᠦ ᠲᠠᠯ᠎ᠠ ᠪᠠᠷ᠂ ᠵᠥᠪ ᠣᠨᠣᠪᠴᠢᠲᠠᠢ ᠪᠠᠷ ᠬᠤᠯᠪᠣᠭᠳᠠᠯ ᠪᠦᠬᠦᠢ ᠪᠠᠶᠢᠳᠠᠯ ᠢ ᠡᠵᠡᠮᠰᠢᠬᠦ ᠶᠢ ᠡᠷᠡᠰ ᠳᠡᠮᠵᠢᠵᠦ᠂ ᠨᠡᠪᠲᠡᠷᠡᠯᠴᠡᠨ ᠬᠠᠷᠢᠯᠴᠠᠬᠤ᠂ ᠵᠣᠬᠢᠴᠠᠭᠤᠯᠤᠨ ᠬᠠᠮᠵᠢᠯᠴᠠᠬᠤ᠂ ᠮᠠᠲ᠋ᠧᠷᠢᠶᠠᠯ ᠬᠠᠩᠭᠠᠬᠤ ᠪᠠ ᠦᠢᠯᠡᠴᠢᠯᠡᠭᠡ ᠪᠠᠲᠤᠯᠠᠭ᠎ᠠ ᠬᠠᠩᠭᠠᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠᠷ ᠪᠠᠷᠠᠬᠤ ᠦᠭᠡᠢ ᠪᠠᠰᠠ ᠴᠠᠭ ᠪᠣᠯᠣᠨ ᠤᠶᠤᠨ ᠴᠢᠳᠠᠯ ᠢᠶᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠴᠠᠭᠳᠠᠨ ᠪᠠᠶᠢᠴᠠᠭᠠᠬᠤ ᠠᠵᠢᠯ ᠪᠣᠯᠣᠨ ᠭᠤᠣᠯ ᠬᠠᠷᠢᠭᠤᠴᠠᠯᠭ᠎ᠠ ᠭᠤᠣᠯ ᠠᠵᠢᠯ᠂ ᠬᠤᠪᠢᠶᠠᠷᠢᠯᠠᠭᠰᠠᠨ ᠠᠵᠢᠯ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠪᠣᠷᠢᠯᠠᠪᠠ᠃
   ᠬᠤᠷᠠᠯ ᠠᠴᠠ᠂ ᠴᠠᠭᠳᠠᠨ ᠪᠠᠶᠢᠴᠠᠭᠠᠬᠤ ᠪᠣᠯ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠪᠦᠷᠢᠯᠳᠦᠭᠦᠨ ᠬᠡᠰᠡᠭ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠴᠢᠬᠤᠯᠠ ᠳᠦᠷᠢᠮ ᠤᠨ ᠲᠣᠬᠢᠷᠠᠭᠤᠯᠤᠯᠲᠠ ᠮᠦᠨ᠂ ᠮᠠᠨ ᠤ ᠨᠠᠮ ᠤᠨ ᠥᠪᠡᠷ ᠤᠨ ᠪᠡᠶ᠎ᠡ ᠳᠡᠭᠡᠨ ᠦᠭᠡᠷᠡᠴᠢᠯᠡᠯᠲᠡ ᠬᠢᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠯᠪᠡᠷᠢ ᠮᠥᠨ᠃ ᠤᠯᠤᠰ ᠲᠥᠷᠥ ᠶᠢᠨ ᠱᠠᠭᠠᠷᠳᠠᠯᠭ᠎ᠠ ᠲᠠᠢ   ᠬᠠᠷᠭᠤᠭᠤᠯᠤᠨ᠂ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠡᠭᠦᠷᠭᠡ ᠪᠠᠨ ᠡᠭᠦᠷᠭᠡᠯᠡᠵᠦ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠨ ᠲᠤᠤᠱᠯᠠᠭᠤᠯᠵᠤ᠂ ᠠᠰᠠᠭᠤᠳᠠᠯ ᠢ ᠢᠯᠡᠷᠡᠭᠦᠯᠬᠦ ᠶᠢ ᠴᠠᠭᠳᠠᠨ ᠪᠠᠶᠢᠴᠠᠭᠠᠬᠤ ᠠᠵᠢᠯ ᠤᠨ ᠠᠮᠢᠨ ᠰᠤᠳᠠᠰᠤ ᠪᠣᠯᠭᠠᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠪᠠᠷ ᠴᠠᠭᠳᠠᠨ ᠪᠠᠶᠢᠴᠠᠭᠠᠬᠤ ᠠᠵᠢᠯ ᠤᠨ ᠲᠡᠭᠦᠰᠭᠡᠯ ᠪᠣᠯᠭᠠᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠴᠠᠭᠳᠠᠨ ᠪᠠᠶᠢᠴᠠᠭᠠᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠬᠤ᠂ ᠴᠠᠭᠳᠠᠨ ᠪᠠᠶᠢᠴᠠᠭᠠᠬᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ᠂ ᠴᠠᠭᠳᠠᠨ ᠪᠠᠶᠢᠴᠠᠭᠠᠬᠤ ᠪᠠᠷ ᠵᠠᠰᠠᠬᠤ ᠶᠢ ᠠᠬᠢᠭᠤᠯᠬᠤ ᠶᠢ ᠪᠠᠷᠢᠮᠲᠠᠯᠠᠵᠤ᠂ ᠬᠢᠨᠠᠯᠲᠠ ᠲᠠᠯᠪᠢᠬᠤ᠂ ᠴᠡᠭᠴᠡᠯᠡᠨ ᠰᠠᠶᠢᠵᠢᠷᠠᠭᠤᠯᠬᠤ᠂ ᠵᠠᠰᠠᠬᠤ ᠰᠠᠶᠢᠨ ᠣᠷᠴᠢᠯ ᠢ ᠪᠦᠷᠢᠯᠳᠦᠭᠦᠯᠬᠦ ᠬᠡᠷᠡᠭᠲᠡᠢ᠃ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ ᠦᠨᠳᠦᠰᠦᠨ ᠵᠠᠷᠴᠢᠮ ᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠢ ᠨᠢᠭᠲᠠ ᠤᠶᠠᠯᠳᠤᠭᠤᠯᠤᠨ᠂ ᠠᠵᠤ ᠠᠬᠤᠶᠢᠯᠠᠯ ᠲᠠᠢ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ᠂ ᠠᠵᠤ ᠠᠬᠤᠶᠢᠯᠠᠯ ᠡᠷᠬᠢᠯᠡᠬᠦ ᠳᠤ ᠬᠢᠨᠠᠨ ᠵᠥᠪᠰᠢᠶᠡᠷᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ︽ᠬᠤᠶᠠᠷ ᠢ ᠲᠣᠭᠲᠠᠭᠠᠬᠤ︾ ᠶᠢ ᠬᠠᠮᠠᠭᠠᠯᠠᠵᠤ  ᠂ ︽ᠲᠦᠷᠪᠡᠨ ᠤᠬᠠᠮᠰᠠᠷ︾  ᠢᠶᠠᠨ ᠲᠠᠰᠤᠷᠠᠯᠳᠡ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠱᠠᠭᠠᠷᠳᠠᠬᠤ ᠬᠡᠷᠡᠭᠲᠡᠢ᠃ ᠴᠠᠭᠳᠠᠨ ᠪᠠᠶᠢᠴᠠᠭᠠᠬᠤ ᠠᠵᠢᠯ ᠪᠣᠯ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠂ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠡᠭᠦᠷᠭᠡ ᠴᠢᠳᠠᠪᠤᠷᠢ ᠪᠣᠯᠣᠨ ᠣᠨᠴᠠᠯᠢᠭ ᠢ ᠣᠨᠣᠪᠴᠢᠲᠠᠶ ᠡᠵᠡᠮᠳᠡᠵᠦ᠂ ᠤᠯᠤᠰ ᠲᠥᠷᠥ ᠶᠢᠨ ᠲᠠᠯ᠎ᠠ ᠪᠠᠷ ᠬᠢ ᠵᠦᠷᠢᠶ᠎ᠡ ᠶᠢ ᠭᠦᠨᠵᠡᠭᠡᠢ ᠡᠷᠢᠵᠦ ᠵᠠᠯᠠᠷᠠᠭᠤᠯᠬᠤ ᠬᠡᠷᠡᠭᠲᠡᠢ᠃ ᠴᠠᠭᠳᠠᠨ ᠪᠠᠶᠢᠴᠠᠭᠠᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠭᠤᠣᠯ ᠬᠠᠷᠢᠭᠤᠴᠠᠯᠭᠠᠲᠠᠨ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠴᠠᠷ᠎ᠠ᠂ ᠵᠠᠩᠭᠢᠯᠠᠭ᠎ᠠ ᠶᠢᠨ ᠭᠤᠭᠴᠤᠭ᠎ᠠ ᠶᠢᠨ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠬᠢᠨ ᠢ ᠴᠢᠩᠭ᠎ᠠ ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠱᠠᠭᠠᠷᠳᠠᠵᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠲᠥᠪᠯᠡᠷᠡᠯ ᠤᠨ ᠴᠡᠭ ᠢᠶᠠᠨ ᠨᠠᠮ ᠤᠨ ᠵᠣᠬᠢᠶᠠᠨ ᠪᠠᠶᠢᠭᠤᠯᠤᠯᠲᠠ ᠬᠢᠨ ᠤ ᠭᠦᠢᠴᠡᠳᠬᠡᠪᠡᠰᠦ ᠵᠣᠬᠢᠬᠤ ᠤᠯᠤᠰ ᠲᠦᠷᠦ ᠶᠢᠨ ᠬᠠᠷᠢᠭᠤᠴᠠᠯᠭ᠎ᠠ ᠳᠤ ᠬᠠᠨᠳᠤᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠡᠭᠦᠷᠭᠡᠯᠡᠪᠡᠰᠦ ᠵᠣᠬᠢᠬᠤ ᠤᠯᠤᠰ ᠲᠦᠷᠦ ᠶᠢᠨ ᠲᠤᠰᠢᠶᠠᠯ ᠬᠠᠷᠢᠭᠤᠴᠠᠯᠭ᠎ᠠ ᠳᠤ ᠬᠠᠨᠳᠤᠭᠤᠯᠵᠤ᠂ ᠠᠰᠠᠭᠤᠳᠠᠯ ᠢ ᠣᠨᠢᠯᠠᠵᠤ᠂ ᠠᠰᠠᠭᠤᠳᠠᠯ ᠢ ᠮᠥᠷᠳᠡᠨ ᠶᠠᠪᠤᠵᠤ᠂ ᠠᠰᠠᠭᠤᠳᠠᠯ ᠳᠤ ᠴᠢᠭᠯᠡᠭᠦᠯᠦᠨ ᠪᠠᠶᠢᠴᠠᠭᠠᠵᠤ᠂ ᠢᠯᠡ ᠠᠰᠠᠭᠤᠳᠠᠯ ᠢ ᠦᠨᠳᠦᠰᠦ ᠠᠴᠠ ᠨᠢ ᠤᠬᠤᠴᠢᠯᠠᠨ ᠪᠠᠶᠢᠴᠠᠭᠠᠵᠤ ᠂ ᠳᠠᠯᠳᠠ ᠠᠰᠠᠭᠤᠳᠠᠯ ᠢ ᠨᠠᠷᠢᠨ ᠨᠢᠭᠲᠠ ᠰᠤᠳᠣᠯᠣᠨ ᠪᠠᠶᠢᠴᠠᠭᠠᠵᠤ᠂ ᠠᠰᠠᠭᠤᠳᠠᠯ ᠢ ᠦᠨᠡᠨ ᠬᠦ ᠢᠯᠡ ᠲᠣᠳᠣ ᠪᠣᠯᠭᠠᠵᠤ᠂ ᠳᠠᠯᠳᠠᠯᠠᠬᠤ ᠭᠠᠵᠠᠷ ᠦᠭᠡᠢ ᠪᠣᠯᠭᠠᠬᠤ ᠬᠡᠷᠡᠭᠲᠡᠢ᠃ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠴᠠᠭᠳᠠᠨ ᠪᠠᠶᠢᠴᠠᠭᠠᠬᠤ ᠳᠤᠭᠤᠶᠢᠯᠠᠩ ᠬᠢᠨ ᠠᠴᠠ ᠡᠯ᠎ᠡ  ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠬᠢᠨ ᠳᠤ ᠴᠠᠭᠳᠠᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠵᠤ᠂ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠭᠤᠣᠯ ᠵᠥᠷᠢᠴᠡᠯ ᠪᠣᠯᠣᠨ ᠭᠤᠣᠯᠳᠠᠯᠭ᠎ᠠ ᠲᠠᠢ ᠠᠰᠠᠭᠤᠳᠠᠯ ᠢ ᠵᠢᠭᠠᠨ ᠭᠠᠷᠭᠠᠵᠤ᠂ ᠨᠡᠶᠢᠲᠡᠯᠢᠭ ᠴᠢᠨᠠᠷ ᠢ ᠡᠵᠡᠮᠳᠡᠵᠦ᠂ ᠥᠪᠡᠷᠮᠢᠴᠡ ᠴᠢᠨᠠᠷ ᠢ ᠲᠤᠪᠤᠶᠢᠯᠭᠠᠵᠦ᠂ ᠴᠡᠭᠴᠡᠯᠡᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠶᠢ ᠭᠦᠨᠵᠡᠭᠡᠢ᠂ ᠪᠣᠳᠠᠲᠠᠢ᠂ ᠢᠯᠡ ᠲᠣᠳᠣᠷᠬᠠᠢ ᠳᠤᠷᠠᠳᠬᠤ ᠬᠡᠷᠡᠭᠲᠡᠢ᠃ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠬᠢᠨ  ᠨᠢ ᠴᠠᠭᠳᠠᠨ ᠪᠠᠶᠢᠴᠠᠭᠠᠬᠤ ᠠᠴᠠ ᠡᠮᠦᠨᠡᠬᠢ ᠬᠤᠭᠤᠴᠠᠭᠠᠨ ᠤ ᠲᠤᠰ ᠪᠡᠶ᠎ᠡ ᠠᠴᠠ ᠪᠠᠨ ᠡᠷᠢᠵᠦ ᠣᠯᠣᠭᠰᠠᠨ ᠣᠷᠣᠰᠢᠵᠤ ᠪᠠᠶᠢᠭ᠎ᠠ ᠠᠰᠠᠭᠤᠳᠠᠯ ᠢᠶᠠᠨ ᠮᠡᠳᠡᠭᠰᠡᠨ ᠳᠠᠷᠣᠢ ᠳᠤᠨᠢ ᠵᠠᠯᠠᠷᠠᠭᠤᠯᠵᠤ᠂ ᠴᠠᠭᠳᠠᠨ ᠪᠠᠶᠢᠴᠠᠭᠠᠬᠤ ᠬᠤᠭᠤᠴᠠᠭᠠᠨ ᠳᠤ ᠰᠢᠯᠵᠢᠭᠦᠯᠦᠨ ᠲᠤᠰᠢᠶᠠᠭᠰᠠᠨ ᠳᠠᠷᠤᠢ ᠳᠤᠨᠢ ᠵᠠᠯᠠᠷᠠᠭᠤᠯᠬᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠡ ᠠᠴᠠ ᠵᠦᠢᠴᠢᠯᠡᠵᠦ ᠨᠦᠬᠦᠭᠡ ᠮᠡᠳᠡᠵᠦ᠂ ᠴᠠᠭᠳᠠᠨ ᠪᠠᠶᠢᠴᠠᠭᠠᠬᠤ ᠶᠢᠨ ᠳᠠᠭᠠᠤ  ᠲᠡᠷᠡ ᠳᠠᠷᠤᠢ  ᠳᠤᠨᠢ ᠵᠠᠯᠠᠷᠠᠭᠤᠯᠬᠤ ᠬᠡᠷᠡᠭᠲᠡᠢ︔ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠲᠥᠪ ᠴᠢᠩᠭ᠎ᠠ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠡᠨᠡ ᠬᠦ ᠠᠵᠢᠯ ᠳᠤ ᠬᠠᠨᠳᠤᠵᠤ᠂ ᠴᠠᠭᠳᠠᠨ ᠪᠠᠶᠢᠴᠠᠭᠠᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠤ ᠠᠵᠢᠯ ᠢᠶᠠᠨ ᠥᠷᠨᠢᠭᠦᠯᠬᠦ ᠶᠢ ᠢᠳᠡᠪᠬᠢᠲᠡᠢ ᠬᠠᠮᠵᠢᠯᠴᠠᠨ ᠳᠡᠮᠵᠢᠵᠦ᠂ ᠡᠨᠡ ᠤᠳᠠᠭᠠᠨ ᠤ ᠴᠠᠭᠳᠠᠨ ᠪᠠᠶᠢᠴᠠᠭᠠᠬᠤ ᠡᠭᠦᠷᠭᠡ ᠶᠢ ᠬᠠᠮᠲᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠳᠤ ᠬᠠᠷᠢᠭᠤᠴᠠᠬᠤ᠂ ᠨᠠᠮ ᠤᠨ ᠦᠢᠯᠡᠰ ᠲᠤ ᠬᠠᠷᠢᠭᠤᠴᠠᠬᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ ᠬᠠᠷᠢᠭᠤᠴᠠᠬᠤ ᠵᠣᠷᠢᠭ ᠰᠠᠨᠠᠭ᠎ᠠ ᠪᠠᠷ᠂ ᠴᠠᠭᠳᠠᠨ ᠪᠠᠶᠢᠴᠠᠭᠠᠬᠤ ᠡᠭᠦᠷᠭᠡ ᠲᠠᠢ ᠤᠶᠠᠯᠳᠤᠭᠤᠯᠤᠨ᠂ ᠴᠠᠭᠳᠠᠨ ᠪᠠᠶᠢᠴᠠᠭᠠᠬᠤ ᠳᠤᠭᠤᠶᠢᠯᠠᠩ ᠳᠤ ᠠᠰᠠᠭᠤᠳᠠᠯ ᠢᠶᠠᠨ ᠨᠠᠷᠢᠨ ᠬᠢᠨᠠᠮᠠᠭᠠᠢ ᠦᠨᠡᠨ ᠮᠥᠨ ᠢᠶᠠᠷ ᠨᠢ ᠲᠤᠰᠬᠠᠵᠤ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠰᠠᠭᠤᠳᠠᠯ ᠢ ᠭᠦᠨᠵᠡᠭᠡᠢ ᠣᠶᠢᠯᠠᠭᠠᠬᠤ ᠶᠢ ᠳᠡᠮᠵᠢᠬᠦ ᠬᠡᠷᠡᠭᠲᠡᠢ᠃ ᠡᠭᠦᠨ ᠤ ᠬᠠᠮᠲᠤ ᠪᠠᠰᠠ ᠴᠠᠭᠳᠠᠨ ᠪᠠᠶᠢᠴᠠᠭᠠᠬᠤ ᠳᠤᠭᠤᠶᠢᠯᠠᠩ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠬᠠᠮᠢᠶ᠎ᠠ ᠪᠦᠬᠦᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠬᠢᠨᠠᠮᠠᠭᠠᠢ ᠬᠠᠮᠵᠢᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠳᠤᠭᠤᠶᠢᠯᠠᠩ ᠢ ᠬᠠᠪᠰᠤᠷᠤᠨ ᠰᠠᠶᠢᠨ ᠰᠠᠶᠢᠬᠠᠨ ᠬᠡᠪ ᠰᠤᠷᠲᠠᠯ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠠᠭᠳᠠᠨ ᠪᠠᠶᠢᠴᠠᠭᠠᠵᠤ᠂ ᠬᠤᠰᠢᠭᠤᠨ ᠤ ᠨᠠᠮ ᠤᠨ ᠬᠤᠷᠢᠶᠠᠨ ᠤ ᠲᠤᠰᠢᠶᠠᠭᠰᠠᠨ ᠴᠠᠭᠳᠠᠨ ᠪᠠᠶᠢᠴᠠᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
   ᠬᠤᠰᠢᠭᠤᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠴᠠᠭᠳᠠᠨ ᠪᠠᠶᠢᠴᠠᠭᠠᠬᠤ ᠬᠤᠭᠤᠴᠠᠭᠠᠨ ᠳᠤ ᠢᠯᠡᠴᠢᠯᠡᠨ ᠮᠡᠳᠡᠭᠦᠯᠬᠦ ᠤᠲᠠᠰᠤ ᠲᠣᠬᠢᠷᠠᠭᠤᠯᠪᠠ᠄ 15548076117 ︵ᠭᠥᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 14᠄ 30 ︱ 17᠄ 30︶᠂ ᠰᠣᠷᠪᠤᠯᠵᠢᠯᠠᠭ᠎ᠠ ᠶᠢ ᠭᠥᠯᠢᠶᠡᠨ ᠠᠪᠬᠤ ᠭᠠᠵᠠᠷ᠄ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠠᠯᠪᠠᠨ ᠠᠰᠠᠷ ᠤᠨ ᠵᠡᠭᠦᠨ ᠲᠠᠯ᠎ᠠ ᠶᠢᠨ ᠵᠢᠵᠢᠭᠦᠷ ᠤᠨ ᠥᠷᠥᠭᠡ᠂ ᠵᠠᠬᠠᠨᠠᠭᠤᠷ ᠠᠵᠤ ᠦᠢᠯᠡᠰ ᠤᠨ  ᠲᠣᠭᠤᠷᠢᠭ ᠤᠨ ᠬᠠᠮᠢᠶᠠᠷᠤᠯᠲᠠ ᠶᠢᠨ ᠠᠯᠪᠠᠨ ᠭᠡᠷ ᠤᠨ 414 ᠥᠷᠥᠭᠡ᠂ ᠡᠯᠧᠺᠲᠷᠣᠨ ᠰᠢᠤᠳᠠᠨ ᠤ ᠬᠠᠶᠢᠷᠴᠠᠭ᠄ xcb15548076117@163.com᠂ ᠰᠠᠨᠠᠯ ᠤᠨ ᠬᠠᠶᠢᠷᠴᠠᠭ ᠪᠠᠶᠢᠷᠢᠯᠠᠭᠤᠯᠬᠤ ᠭᠠᠵᠠᠷ᠄ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠶᠡᠭᠡ ᠡᠭᠦᠳᠡᠨ ᠤ ᠭᠠᠳᠠᠨᠠᠬᠢ ᠵᠡᠭᠦᠨ ᠲᠠᠯ᠎ᠠ ᠶᠢᠨ ᠳᠡᠯᠭᠡᠨ ᠦᠵᠡᠭᠦᠯᠬᠦ ᠰᠠᠮᠪᠠᠷ᠎ᠠ᠂ ᠵᠠᠬᠠᠨᠠᠭᠤᠷ ᠠᠵᠤ ᠦᠢᠯᠡᠰ ᠤᠨ  ᠲᠣᠭᠤᠷᠢᠭ ᠤᠨ ᠬᠠᠮᠢᠶᠠᠷᠤᠯᠲᠠ ᠶᠢᠨ ᠠᠯᠪᠠᠨ ᠭᠡᠷ ᠤᠨ ᠠᠰᠠᠷ ᠤᠨ ᠭᠠᠳᠠᠷ ᠲᠠᠯ᠎ᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷ ᠤᠨ ᠡᠭᠦᠳᠡ ᠶᠢᠨ ᠭᠠᠳᠠᠨᠠᠬᠢ ᠡᠮᠦᠨ᠎ᠡ ᠬᠡᠷᠡᠮ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠭᠳᠠᠨ ᠪᠠᠶᠢᠴᠠᠭᠠᠬᠤ ᠠᠵᠢᠯ ᠤᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠴᠠᠭᠳᠠᠨ ᠪᠠᠶᠢᠴᠠᠭᠠᠬᠤ ᠳᠤᠭᠤᠶᠢᠯᠠᠩ ᠭᠤᠣᠯᠳᠠᠭᠤ ᠡᠯ᠎ᠡ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠭᠡᠰᠢᠭᠦᠨ ᠵᠢᠴᠢ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠤᠨ ᠲᠤᠬᠠᠢ ᠵᠠᠬᠢᠳᠠᠯ ᠤᠲᠠᠰᠤ ᠰᠣᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠭᠤ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠠᠰᠠᠭᠤᠳᠠᠯ ᠢ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠣᠨ᠎ᠠ᠃ ᠴᠠᠭᠳᠠᠨ ᠪᠠᠶᠢᠴᠠᠭᠠᠵᠤ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ  ᠬᠢᠨ ᠳᠤ ᠲᠤᠰᠢᠶᠠᠨ ᠥᠭᠴᠦ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠳᠠᠭᠤᠰᠬᠤ ᠴᠠᠭ ᠨᠢ 6 ᠰᠠᠷ᠎ᠠ ᠶᠢᠨ 7 ᠤ ᠡᠳᠦᠷ ᠪᠣᠯᠣᠨ᠎ᠠ᠂ ᠴᠠᠭᠳᠠᠨ ᠪᠠᠶᠢᠴᠠᠭᠠᠬᠤ ᠠᠵᠢᠯ ᠳᠠᠭᠤᠰᠤᠭᠰᠠᠨ ᠤ ᠳᠠᠷᠠᠭ᠎ᠠ ᠬᠤᠯᠪᠣᠭᠳᠠᠯ ᠪᠦᠬᠦᠢ ᠢᠯᠡᠴᠢᠯᠡᠨ ᠮᠡᠳᠡᠭᠦᠯᠵᠦ ᠲᠤᠰᠬᠠᠬᠤ ᠠᠷᠭ᠎ᠠ ᠮᠠᠶ᠋ᠢᠭ ᠨᠢ ᠠᠶᠠᠨᠳᠠᠭᠠᠨ ᠬᠠᠭᠠᠭᠳᠠᠬᠤ ᠪᠣᠯᠣᠨ᠎ᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号