ᠵᠠᠷᠤᠳ ᠬᠤᠰᠢᠭᠤ  ᠪᠤᠷᠴᠠᠭ᠂ ᠡᠷᠳᠡᠨᠢ ᠰᠢᠰᠢ ᠶᠢ ᠪᠦᠰᠡᠯᠢᠭ ᠬᠡᠯᠪᠡᠷᠢᠲᠡᠢ ᠠᠯᠭᠠᠰᠠᠯᠠᠨ ᠳᠠᠷᠢᠬᠤ ᠮᠡᠷᠭᠡᠵᠢᠯ ᠤᠨ ᠲᠣᠬᠠᠢ ᠠᠬᠤᠢ ᠲᠠᠯᠠᠪᠠᠶ ᠶᠢᠨ ᠲᠤᠷᠰᠢᠯᠭ᠎ᠠ ᠰᠣᠯᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/4/28
   4 ᠰᠠᠷ᠎ᠠ ᠶᠢᠨ 26 ᠤ ᠡᠳᠦᠷ᠂ ᠵᠠᠷᠤᠳ ᠬᠤᠰᠢᠭᠤᠨ ᠤ ᠪᠤᠷᠴᠠᠭ᠂ ᠡᠷᠳᠡᠨᠢ ᠰᠢᠰᠢ ᠶᠢ ᠪᠦᠰᠡᠯᠢᠭ ᠬᠡᠯᠪᠡᠷᠢᠲᠡᠢ ᠠᠯᠭᠠᠰᠠᠯᠠᠨ ᠳᠠᠷᠢᠬᠤ ᠮᠡᠷᠭᠡᠵᠢᠯ ᠤᠨ ᠲᠤᠬᠠᠢ ᠠᠬᠤᠢ ᠲᠠᠯᠠᠪᠠᠶ ᠶᠢᠨ ᠲᠤᠷᠰᠢᠯᠭ᠎ᠠ ᠰᠣᠯᠢᠯᠴᠠᠬᠤ ᠬᠤᠷᠠᠯ ᠰᠢᠶᠠᠩᠱᠠᠨ ᠲᠠᠷᠢᠶᠠᠯᠠᠩ ᠤᠨ ᠲᠠᠯᠠᠪᠠᠶ ᠶᠢᠨ ᠳ᠋ᠤᠣ ᠽᠢ ᠪᠠ ᠬᠤᠪᠢᠶᠠᠷᠢ ᠲᠠᠯᠠᠪᠠᠶ ᠳᠤ ᠶᠠᠪᠤᠭᠳᠠᠪᠠ᠃ ᠪᠤᠷᠴᠠᠭ᠂ ᠡᠷᠳᠡᠨᠢ ᠰᠢᠰᠢ ᠶᠢ ᠪᠦᠰᠡᠯᠢᠭ ᠬᠡᠯᠪᠡᠷᠢᠲᠡᠢ ᠠᠯᠭᠠᠰᠠᠯᠠᠨ ᠳᠠᠷᠢᠬᠤ ᠡᠭᠦᠷᠭᠡ ᠶᠢ ᠡᠭᠦᠷᠭᠡᠯᠡᠭᠰᠡᠨ ᠰᠤᠮᠤ ᠪᠠᠯᠭᠠᠰᠤ ᠲᠠᠯᠠᠪᠠᠶ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯᠲᠠᠨ᠂ ᠲᠠᠷᠢᠮᠠᠯ ᠤᠨ ᠲᠣᠮᠣ ᠡᠷᠦᠬᠡ ᠪᠠ ᠰᠢᠨ᠎ᠡ ᠬᠡᠯᠪᠡᠷᠢ ᠶᠢᠨ ᠡᠵᠡᠩᠨᠡᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠡᠶᠢᠲᠡ 50 ᠭᠠᠷᠤᠢ ᠬᠥᠮᠥᠨ ᠣᠷᠣᠯᠴᠠᠪᠠ᠃ᠰᠣᠯᠢᠯᠴᠠᠭᠠᠨ ᠤ ᠬᠤᠷᠠᠯ ᠳᠡᠭᠡᠷ᠎ᠡ᠂ ᠠᠬᠤᠢ ᠲᠠᠯᠠᠪᠠᠢ ᠳᠤ ᠦᠵᠡᠭᠦᠯᠭᠡ ᠬᠢᠬᠦ᠂ ᠶᠠᠷᠢᠯᠴᠠᠨ ᠰᠣᠯᠢᠯᠴᠠᠬᠤ ᠪᠠᠷ ᠳᠠᠮᠵᠢᠨ ᠂ ᠡᠯ᠎ᠡ ᠵᠢᠱᠢᠶ᠎ᠡ ᠦᠵᠡᠭᠦᠯᠬᠦ ᠡᠷᠦᠬᠡ ᠶᠢᠨ ᠬᠢᠨ ᠦᠷ᠎ᠡ ᠶᠢᠨ ᠲᠦᠷᠦᠯ ᠵᠦᠢᠯ ᠢ ᠰᠣᠩᠭᠤᠬᠤ᠂ ᠲᠠᠷᠢᠬᠤ ᠨᠢᠭᠲᠠᠴᠠ᠂ ᠮᠠᠰᠢᠨ ᠪᠠᠭᠠᠵᠢ ᠶᠢ ᠲᠤᠷᠰᠢᠨ ᠲᠣᠬᠢᠷᠠᠭᠤᠯᠬᠤ ᠵᠡᠷᠭᠡ ᠮᠡᠷᠭᠡᠵᠢᠯ ᠤᠨ ᠠᠰᠠᠭᠤᠳᠠᠯ ᠤᠨ ᠲᠣᠭᠤᠷᠢᠨ ᠳᠤ ᠰᠣᠯᠢᠯᠴᠠᠭ᠎ᠠ ᠬᠢᠪᠡ︔ ᠮᠡᠷᠭᠡᠵᠢᠯᠲᠡᠨ ᠠᠴᠠ ᠪᠤᠷᠴᠠᠭ᠂ ᠡᠷᠳᠡᠨᠢ ᠰᠢᠰᠢ ᠶᠢ ᠪᠦᠰᠡᠯᠢᠭ ᠬᠡᠯᠪᠡᠷᠢᠲᠡᠢ ᠠᠯᠭᠠᠰᠠᠯᠠᠨ ᠲᠠᠷᠢᠬᠤ ᠲᠣᠰᠬᠠᠢ ᠦᠷ᠎ᠡ ᠬᠠᠶᠠᠬᠤ ᠮᠠᠰᠢᠨ ᠵᠢᠴᠢ ᠰᠠᠭᠤᠷᠢ ᠵᠠᠢ ᠶᠢ ᠡᠵᠡᠮᠳᠡᠬᠦ᠂ ᠪᠣᠷᠳᠣᠭᠤᠷ ᠣᠷᠣᠭᠤᠯᠬᠤ ᠬᠠᠮᠢᠶᠠᠷᠤᠯᠲᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ᠂ ᠪᠦᠰᠡᠯᠢᠭ ᠬᠡᠯᠪᠡᠷᠢ ᠶᠢᠨ ᠲᠣᠬᠢᠷᠠᠭᠤᠯᠤᠯᠲᠠ ᠵᠡᠷᠭᠡ ᠮᠡᠷᠭᠡᠵᠢᠯ ᠢ ᠬᠡᠷᠬᠢᠨ ᠬᠡᠷᠡᠭᠯᠡᠬᠦ ᠲᠤᠬᠠᠢ ᠠᠬᠤᠢ ᠲᠠᠯᠠᠪᠠᠢ ᠳᠤ ᠲᠠᠶᠢᠯᠪᠤᠷᠢᠯᠠᠨ ᠶᠠᠷᠢᠵᠤ᠂ ᠲᠠᠷᠢᠮᠠᠯ ᠤᠨ ᠡᠷᠦᠬᠡ ᠶᠢᠨ ᠳᠤᠷᠠᠳᠤᠭᠰᠠᠨ ᠮᠡᠷᠭᠡᠵᠢᠯ ᠤᠨ ᠪᠡᠷᠬᠡ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠪᠠ᠃ ᠳᠠᠷᠠᠭ᠎ᠠ ᠨᠢ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠵᠢᠯᠲᠠᠳ ᠪᠠᠰᠠ ︽ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠵᠢᠯᠤᠭᠤᠳᠬᠤ ᠰᠠᠨᠠᠯ︾ ︽ᠡᠷᠳᠡᠨᠢ ᠰᠢᠰᠢ ᠶᠢ ᠪᠦᠷᠬᠦᠭᠦᠯ ᠦᠭᠡᠢ ᠭᠦᠶᠦᠬᠡᠨ ᠪᠣᠯᠠᠵᠤ ᠳᠤᠰᠤᠯᠭᠠᠨ ᠤᠰᠤᠯᠠᠬᠤ ᠪᠠᠷᠢᠮᠵᠢᠶᠠᠵᠢᠭᠤᠯᠤᠯᠲᠠ ᠶᠢᠨ ᠮᠡᠷᠭᠡᠵᠢᠯ︾ ︽ᠡᠷᠳᠡᠨᠢ ᠰᠢᠰᠢ ᠪᠤᠷᠴᠠᠭ ᠶᠢ ᠪᠦᠰᠡᠯᠢᠭ ᠬᠡᠯᠪᠡᠷᠢᠲᠡᠢ ᠠᠯᠭᠠᠰᠠᠯᠠᠨ ᠳᠠᠷᠢᠬᠤ ᠮᠡᠷᠭᠡᠵᠢᠯ︾ ᠵᠡᠷᠭᠡ 300 ᠭᠠᠷᠤᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠠᠷᠢᠮᠠᠯ ᠤᠨ ᠡᠷᠦᠬᠡ ᠶᠢᠨ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢᠲᠡᠢ ᠠᠯᠭᠠᠰᠠᠯᠠᠨ ᠲᠠᠷᠢᠬᠤ ᠮᠡᠷᠭᠡᠵᠢᠯ ᠤᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢᠨ ᠳᠠᠷᠢᠬᠤ ᠢᠲᠡᠭᠡᠯ ᠢ ᠨᠡᠮᠡᠭᠳᠡᠭᠦᠯᠪᠡ᠃
   ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠳ᠋ᠣᠤ ᠽᠢ ᠪᠠ ᠬᠤᠪᠢᠶᠠᠷᠢ ᠲᠠᠯᠠᠪᠠᠢ ᠶᠢᠨ ᠠᠵᠢᠯᠲᠠᠨ ᠰᠦᠩ ᠯᠢ ᠫᠢᠩ 2020 ᠣᠨ ᠠᠴᠠ ᠡᠬᠢᠯᠡᠨ ᠪᠤᠷᠴᠠᠭ ᠡᠷᠳᠡᠨᠢ ᠰᠢᠰᠢ ᠶᠢ ᠪᠦᠰᠡᠯᠢᠭ  ᠬᠡᠯᠪᠡᠷᠢᠲᠡᠢ ᠠᠯᠭᠠᠰᠠᠯᠠᠨ ᠲᠠᠷᠢᠬᠤ ᠮᠡᠷᠭᠡᠵᠢᠯ ᠢ ᠬᠡᠷᠡᠭᠯᠡᠵᠦ᠂ ᠮᠦ ᠪᠦᠷᠢ ᠠᠴᠠ 1000 ᠰᠢᠬᠠᠮ ᠲᠥᠭᠦᠷᠢᠭ ᠣᠷᠣᠯᠭ᠎ᠠ ᠨᠡᠮᠡᠭᠳᠡᠭᠦᠯᠵᠦ᠂ ᠦᠨᠡᠨ ᠪᠣᠳᠠᠲᠠᠢ ᠠᠰᠢᠭ ᠬᠦᠷᠲᠡᠭᠡᠪᠡ᠃ ᠲᠡᠷᠡ ᠬᠡᠯᠡᠭᠰᠡᠨ ᠨᠢ᠄ ︽ᠡᠶᠢᠮᠦᠷᠬᠦ ᠪᠣᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢᠲᠡᠢ ᠠᠯᠭᠠᠰᠠᠯᠠᠨ ᠲᠠᠷᠢᠬᠤ ᠠᠷᠭ᠎ᠠ ᠮᠠᠶ᠋ᠢᠭ ᠨᠢ ᠡᠷᠳᠡᠨᠢ ᠰᠢᠰᠢ ᠶᠢᠨ ᠨᠢᠭᠲᠠᠴᠠ ᠶᠢ ᠨᠡᠮᠡᠭᠳᠡᠭᠦᠯᠦᠨ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠥᠨᠳᠥᠷ ᠤᠨᠠᠯᠲᠠ ᠶᠢ ᠪᠡᠶᠡᠯᠡᠭᠦᠯᠵᠦ ᠴᠢᠳᠠᠨ᠎ᠠ᠂ ᠨᠡᠩ ᠤᠯᠠᠨ ᠲᠠᠷᠢᠶᠠᠴᠢᠳ ᠡᠶᠢᠮᠦᠷᠬᠦ ᠲᠠᠷᠢᠬᠤ ᠠᠷᠭ᠎ᠠ ᠪᠠᠷ ᠤᠨᠠᠯᠲᠠ ᠪᠠᠨ ᠨᠡᠮᠡᠭᠳᠡᠭᠦᠯᠵᠦ᠂ ᠣᠷᠣᠯᠭ᠎ᠠ ᠪᠠᠨ ᠨᠡᠮᠡᠭᠳᠡᠭᠦᠯᠬᠦ ᠶᠢ ᠬᠦᠰᠡᠵᠦ ᠪᠠᠶᠢᠨ᠎ᠠ︾ ᠭᠡᠪᠡ᠃
   ᠬᠤᠰᠢᠭᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠭᠤᠣᠯ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠬᠤᠢ ᠲᠠᠯᠠᠪᠠᠢ ᠶᠢᠨ ᠬᠤᠷᠠᠯ ᠢ ᠵᠣᠬᠢᠶᠠᠨ ᠪᠠᠶᠢᠭᠤᠯᠵᠤ  ᠬᠢᠭᠰᠡᠨ ᠤ ᠭᠤᠣᠯ ᠬᠠᠷᠠᠯᠲᠠ ᠪᠣᠯ ᠳᠠᠷᠢᠬᠤ ᠶᠠᠰᠤ ᠴᠢᠨᠠᠷ ᠪᠠ ᠳᠠᠷᠢᠬᠤ ᠨᠢᠭᠲᠠᠴᠠ ᠶᠢ ᠮᠡᠷᠭᠡᠵᠢᠯ ᠤᠨ ᠱᠠᠭᠠᠷᠳᠠᠯᠭ᠎ᠠ ᠳᠤ ᠬᠦᠷᠦᠭᠦᠯᠬᠦ ᠶᠢ ᠪᠠᠲᠤᠯᠠᠵᠤ᠂ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ ᠶᠢ ᠦᠨᠳᠦᠰᠦᠨ ᠳᠡᠭᠡᠨ ᠪᠠᠲᠤᠯᠠᠭᠰᠠᠨ ᠤᠷᠢᠲᠠᠯ ᠳᠣᠣᠷ᠎ᠠ ᠢᠯᠡᠭᠦᠦ ᠨᠢᠭᠡ ᠤᠯᠠᠷᠢᠯ ᠤᠨ ᠪᠤᠷᠴᠠᠭ ᠬᠤᠷᠢᠶᠠᠵᠤ᠂ ᠪᠤᠷᠴᠠᠭ ᠤᠨ ᠤᠨᠠᠯᠲᠠ ᠶᠢ ᠨᠡᠮᠡᠭᠳᠡᠭᠦᠯᠦᠨ᠂ ᠶᠡᠷᠦᠩᠬᠡᠢ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ ᠶᠤᠮ ᠭᠡᠪᠡ᠃
   ᠣᠶᠢᠯᠠᠭᠠᠭᠰᠠᠨ ᠢᠶᠠᠷ᠂ 2022 ᠣᠨ ᠳᠤ ᠪᠥᠬᠦ ᠬᠤᠰᠢᠭᠤᠨ ᠢᠶᠠᠷ ᠢᠶᠠᠨ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢᠲᠡᠢ ᠠᠯᠭᠠᠰᠠᠯᠠᠨ ᠳᠠᠷᠢᠬᠤ ᠡᠭᠦᠷᠭᠡ 2.2 ᠲᠦᠮᠡᠨ ᠮᠦ ᠪᠣᠯᠣᠨ᠎ᠠ᠃ ᠲᠠᠷᠢᠮᠠᠯ ᠤᠨ ᠡᠭᠦᠷᠭᠡ ᠪᠠᠨ ᠲᠡᠭᠦᠰ ᠠᠮᠵᠢᠯᠲᠠ  ᠲᠠᠢ ᠪᠡᠶᠡᠯᠡᠭᠦᠯᠬᠦ ᠶᠢᠨ ᠲᠥᠯᠥᠭᠡ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠡᠨᠡᠬᠦ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠲᠦᠯᠦᠭᠡ᠂ ᠡᠨᠡ ᠵᠢᠯ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢᠲᠡᠢ ᠠᠯᠭᠠᠰᠠᠯᠠᠨ ᠲᠠᠷᠢᠬᠤ ᠮᠡᠷᠭᠡᠵᠢᠯ ᠢ ᠯᠠᠪᠳᠠᠭᠤᠨ ᠪᠠᠲᠤᠲᠠᠢ ᠳᠡᠯᠭᠡᠷᠡᠭᠦᠯᠵᠦ᠂ ᠮᠡᠷᠭᠡᠵᠢᠯ ᠤᠨ ᠠᠵᠢᠯᠲᠠᠳ ᠴᠠᠭ ᠲᠤᠬᠠᠢ ᠳᠤᠨᠢ ᠮᠥᠷᠳᠡᠬᠦ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠲᠠᠷᠢᠶᠠᠴᠢᠨ ᠡᠷᠦᠬᠡ ᠶᠢᠨ ᠳᠠᠷᠢᠬᠤ ᠶᠠᠪᠤᠴᠠ ᠳᠤ ᠢᠯᠡᠷᠡᠭᠰᠡᠨ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠠᠷᠢᠶᠠᠴᠢᠨ ᠡᠷᠦᠬᠡ ᠳᠤ ᠰᠢᠨᠵᠢᠯᠡᠬᠦ ᠤᠬᠠᠭᠠᠨᠴᠢ ᠪᠠᠷ ᠳᠠᠷᠢᠵᠤ ᠵᠣᠬᠢᠰᠲᠠᠢ ᠪᠣᠷᠳᠣᠭᠤᠷ ᠣᠷᠣᠭᠤᠯᠵᠤ᠂ ᠪᠣᠬᠢᠷᠳᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠤᠨ ᠵᠠᠭᠪᠤᠷ ᠢ ᠳᠡᠯᠭᠡᠷᠡᠭᠦᠯᠦᠨ᠂ ᠣᠯᠠᠨ ᠠᠷᠭ᠎ᠠ ᠵᠠᠮ᠂ ᠣᠯᠠᠨ ᠵᠠᠭᠪᠤᠷ ᠢᠶᠠᠷ ᠪᠤᠷᠴᠠᠭ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠮᠤ ᠪᠤᠳᠠᠭᠠᠨ ᠤ ᠥᠨᠳᠥᠷ ᠲᠣᠭᠲᠠᠭᠤᠨ ᠤᠨᠠᠯᠲᠠ ᠲᠠᠢ ᠪᠣᠯᠬᠤ ᠳᠤ ᠪᠠᠲᠤᠯᠠᠭ᠎ᠠ ᠬᠠᠩᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号