4 ᠰᠠᠷ᠎ᠠ ᠶᠢᠨ 28 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 29 ᠳ᠋ᠤᠭᠡᠷ ᠤᠳᠠᠭᠠᠨ ᠤ ᠪᠠᠶᠢᠩᠭᠤ ᠶᠢᠨ | ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ | ᠬᠠᠶᠢᠨᠠᠨ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ | ᠫᠢᠩ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠵᠢᠷᠭᠤᠳᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠲᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠠ ᠲᠥᠪ ᠤᠨ ᠡᠳ᠋ ᠤᠨ ᠵᠠᠰᠠᠭ ᠠᠵᠤ | ᠠᠬᠤᠢ ᠶᠢᠨ ᠵᠥᠪᠯᠡᠯ ᠤᠨ ᠠᠷᠪᠠᠨ ᠨᠢᠭᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ | | ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠭᠦᠸᠧ ᠮᠢᠩ ᠴᠢᠶᠦ᠋ᠨ ᠵᠢᠴᠢ ᠬᠤᠰᠢᠭᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠳ ᠬᠤᠷᠠᠯ | ᠳᠤ ᠤᠷᠤᠯᠴᠠᠪᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠦ᠋ ᠴᠢᠩ ᠬᠠᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ | ᠯᠢᠦ ᠶᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠯ᠎ᠡ ᠳᠡᠳ᠋ ᠡᠷᠬᠢᠯᠡᠭᠴᠢ᠂ ᠬᠤᠰᠢᠭᠤ ᠵᠠᠰᠠᠭ ᠤᠨ ᠣᠷᠳᠣᠨ ᠤ ᠡᠯ᠎ᠡ ᠳᠡᠳ᠋ ᠬᠤᠰᠢᠭᠤᠨ ᠳᠠᠷᠤᠭ᠎ᠠ᠂ ᠬᠤᠰᠢᠭᠤ ᠤᠯᠤᠰ | ᠲᠥᠷᠥ ᠶᠢᠨ ᠵᠥᠪᠯᠡᠯᠭᠡᠨ ᠤ ᠡᠯ᠎ᠡ ᠳᠡᠳ᠋ ᠲᠡᠷᠢᠭᠦᠯᠡᠭᠴᠢ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ | ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠪᠠ᠃ | | ᠱᠤᠤ ᠶᠠᠨ ᠵᠢᠶᠦ᠋ᠨ ᠵᠢᠭᠠᠪᠤᠷᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠭᠤᠣᠯ ᠴᠢᠬᠤᠯᠠ | ᠠᠭᠤᠯᠭ᠎ᠠ ᠶᠢ ᠦᠨᠡᠨᠬᠦ ᠡᠵᠡᠮᠰᠢᠵᠦ᠂ ᠡᠯᠪᠡᠭ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠬᠤ ᠬᠡᠷᠡᠭᠲᠡᠢ᠃ | ᠪᠥᠬᠦ ᠲᠠᠯ᠎ᠠ ᠪᠠᠷ ᠰᠤᠷᠤᠯᠴᠠᠬᠤ᠂ ᠰᠢᠰᠲ᠋ᠧᠮ ᠲᠠᠢ ᠰᠤᠷᠤᠯᠴᠠᠬᠤ᠂ ᠳᠠᠭᠠᠵᠤ ᠰᠤᠷᠤᠯᠴᠠᠬᠤ ᠶᠢ ᠪᠠᠷᠢᠮᠲᠠᠯᠠᠵᠤ᠂ | ᠦᠢᠯᠡᠳᠦᠯᠭᠡ ᠶᠢᠨ ᠲᠤᠮᠳᠠ ᠬᠡᠷᠡᠭᠯᠡᠯᠲᠡ ᠶᠢ ᠴᠢᠬᠤᠯᠠᠴᠢᠯᠠᠬᠤ ᠶᠢᠨ ᠬᠠᠮᠲᠤ ᠠᠵᠢᠯ ᠤᠨ ᠳᠤᠮᠳᠠ ᠪᠠᠨ ᠲᠤᠤᠱᠯᠠᠭᠤᠯᠤᠨ | ᠬᠡᠷᠡᠭᠯᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ | ᠤᠶᠢᠯᠡᠴᠢᠯᠡᠬᠦ ᠶᠢ ᠪᠠᠲᠤᠯᠠᠬᠤ ᠬᠡᠷᠡᠭᠲᠡᠢ᠃ ᠺᠠᠳ᠋ᠷᠴᠤᠳ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠥᠷᠭᠡᠨ | ᠤᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ ᠲᠣᠯᠣᠭᠠᠢ ᠪᠠᠨ | ᠵᠡᠪᠰᠡᠭᠯᠡᠬᠦ ᠶᠢ ᠬᠥᠲᠥᠯᠥᠨ ᠵᠢᠯᠤᠭᠤᠳᠴᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ︽ᠴᠢᠳᠠᠪᠤᠷᠢ ᠲᠤᠯᠢᠮᠠᠭ ᠳᠠᠭᠠᠨ ᠬᠡᠯᠮᠡᠭᠳᠡᠬᠦ︾᠂ ᠴᠢᠳᠠᠪᠤᠷᠢ ᠬᠦᠷᠦᠯᠴᠡᠬᠦ ᠦᠭᠡᠢ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠬᠦᠴᠦᠯᠡᠨ ᠲᠡᠪᠴᠢᠬᠦ | ᠬᠡᠷᠡᠭᠲᠡᠢ ᠭᠡᠪᠡ᠃ | | ᠱᠣᠣ ᠶᠠᠨ ᠵᠢᠶᠦ᠋ᠨ ᠱᠠᠭᠠᠷᠳᠠᠭᠰᠠᠨ ᠨᠢ᠂ ᠬᠤᠳᠠᠯᠳᠤᠭᠠᠴᠢᠨ ᠤᠷᠢᠵᠤ ᠪᠡᠯᠡ ᠲᠠᠳᠠᠬᠤ ᠡᠷᠴᠢᠮ᠂ ᠤᠳᠠᠭ᠎ᠠ | ᠳᠠᠷᠠᠭ᠎ᠠ ᠪᠠ ᠢᠳᠡᠪᠬᠢᠵᠢᠯ ᠤᠨ ᠬᠡᠮᠵᠢᠶ᠎ᠡ ᠪᠠᠨ ᠨᠡᠮᠡᠭᠳᠡᠭᠦᠯᠵᠦ᠂ ᠭᠠᠵᠠᠷ ᠤᠨ ᠲᠠᠰ ᠤᠨ ᠤᠳᠤᠷᠢᠳᠤᠯᠭ᠎ᠠ ᠥᠯᠢᠭᠡᠷ | ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠵᠤ᠂ ᠪᠡᠶ᠎ᠡ ᠪᠠᠷ ᠢᠶᠠᠨ ᠪᠦᠯᠬᠦᠮ ᠳᠠᠭᠠᠭᠤᠯᠤᠨ ᠬᠤᠳᠠᠯᠳᠤᠭᠠᠴᠢᠨ | ᠤᠷᠢᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠬᠢᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠠᠵᠢᠯ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠠᠷᠭ᠎ᠠ ᠬᠡᠯᠪᠡᠷᠢ ᠪᠠ ᠠᠷᠭ᠎ᠠ ᠪᠠᠷᠢᠯ | ᠤᠨ ᠰᠢᠨ᠎ᠡ ᠶᠢ ᠡᠭᠦᠳᠴᠦ᠂ ᠬᠤᠳᠠᠯᠳᠤᠭᠠᠴᠢᠨ ᠤᠷᠢᠬᠤ ᠮᠡᠳᠡᠭᠡ ᠵᠠᠩᠭᠢ ᠶᠢ ᠪᠥᠬᠦ ᠲᠠᠯ᠎ᠠ ᠪᠠᠷ᠂ ᠣᠯᠠᠨ ᠠᠷᠭ᠎ᠠ | ᠵᠠᠮ ᠢᠶᠠᠷ ᠣᠯᠵᠤ᠂ ᠵᠣᠯᠭᠠᠭᠤᠯᠤᠨ ᠵᠥᠪᠳᠡᠯᠴᠡᠬᠦ ᠶᠢ ᠴᠢᠩᠭᠠᠳᠬᠠᠨ᠂ ᠭᠤᠣᠯᠳᠠᠯᠭ᠎ᠠ ᠲᠠᠢ ᠠᠵᠤ ᠠᠬᠤᠶᠢᠯᠠᠯ᠂ | ᠶᠠᠷᠢᠯᠴᠠᠵᠦ ᠪᠠᠶᠢᠭ᠎ᠠ ᠲᠥᠷᠥᠯ ᠵᠦᠢᠯ ᠢ ᠴᠢᠩᠭ᠎ᠠ ᠠᠩᠬᠠᠷᠴᠤ᠂ ᠬᠤᠳᠠᠯᠳᠤᠭᠠᠴᠢᠨ ᠤᠷᠢᠬᠤ ᠪᠣᠳᠠᠲᠤ ᠦᠷ᠎ᠡ | ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠳᠡᠯᠭᠡᠭᠦᠷ ᠤᠨ ᠤᠶᠢᠯᠡᠴᠢᠯᠡᠭᠴᠢ︾ ᠶᠢᠨ | ᠣᠨᠣᠯᠵᠢᠬᠤᠨ ᠢ ᠪᠠᠷᠢᠮᠲᠠᠯᠠᠵᠤ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ | ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ᠂ | ᠲᠥᠷᠥᠯ ᠬᠤᠪᠢᠶᠠᠨ ᠡᠬᠡ ᠲᠠᠩᠰᠠ ᠪᠠᠶᠢᠭᠤᠯᠵᠤ᠂ ᠨᠠᠩ ᠨᠠᠷᠢᠯᠢᠭ ᠣᠨᠣᠴᠠᠲᠠᠢ ᠪᠦᠲᠦᠮᠵᠢᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠴᠠᠭ ᠲᠤᠬᠠᠢ ᠳᠤᠨᠢ ᠰᠢᠢᠳᠪᠦᠷᠢᠯᠡᠵᠦ᠂ ᠲᠥᠷᠥᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ | ᠶᠢ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠬᠢᠨ ᠤ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠪᠠ ᠵᠠᠳᠠᠯᠵᠤ᠂ | ᠪᠦᠬᠦ ᠲᠠᠯ᠎ᠠ ᠶᠢᠨ᠂ ᠡᠯ᠎ᠡ ᠬᠦᠷᠢᠶᠡᠨ ᠤ ᠬᠢᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠶᠢ ᠬᠠᠮᠲᠤᠪᠠᠷ ᠠᠬᠢᠭᠤᠯᠤᠭᠰᠠᠨ ᠠᠵᠢᠯ ᠤᠨ ᠪᠠᠶᠢᠷᠢᠰᠢᠯ ᠢ ᠲᠦᠷᠭᠡᠨ ᠪᠦᠷᠢᠯᠳᠦᠭᠦᠯᠵᠦ᠂ ᠴᠢᠨᠠᠷ | ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ | ᠬᠡᠷᠡᠭᠲᠡᠢ ᠭᠡᠪᠡ᠃ | | ᠱᠤᠤ ᠶᠠᠨ ᠵᠢᠶᠦ᠋ᠨ ᠠᠴᠠ᠂ ︽ᠬᠤᠤᠰ ᠨᠡᠭᠦᠷᠡᠰᠦᠲᠥ᠋ᠷᠥᠭᠴᠢ︾ ᠶᠢᠨ ᠠᠵᠢᠯ ᠤᠨ ᠤᠳᠤᠷᠢᠳᠤᠯᠭ᠎ᠠ ᠪᠠᠨ | ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ᠃ ᠪᠣᠬᠢᠷᠳᠤᠯ ᠦᠭᠡᠢ ᠣᠶᠢᠯᠠᠭᠠᠭᠳᠠᠬᠤᠨ ᠢ ᠪᠤᠢ ᠪᠣᠯᠭᠠᠵᠤ᠂ ᠴᠢᠳᠠᠪᠤᠷᠢ ᠶᠢᠨ | ᠲᠦᠪᠰᠢᠨ ᠢᠶᠠᠨ ᠳᠡᠭᠡᠭᠰᠢᠯᠡᠭᠦᠯᠵᠦ᠂ ︽ᠬᠤᠣᠰ ᠨᠡᠭᠦᠷᠡᠰᠦᠲᠥ᠋ᠷᠥᠭᠴᠢ︾ ᠶᠢᠨ ᠰᠠᠭᠤᠷᠢ ᠮᠡᠳᠡᠯᠭᠡ᠂ ᠪᠡᠶᠡᠯᠡᠭᠦᠯᠬᠦ | ᠶᠠᠪᠤᠴᠠ ᠪᠣᠯᠣᠨ ᠠᠵᠢᠯ ᠤᠨ ᠱᠠᠭᠠᠷᠳᠠᠯᠭ᠎ᠠ ᠶᠢᠨ ᠰᠤᠷᠤᠯᠴᠠᠯᠭ᠎ᠠ ᠶᠢ ᠪᠡᠶᠡᠯᠡᠭᠦᠯᠵᠦ᠂ ᠦᠨᠡᠨᠬᠦ ᠰᠤᠷᠤᠯᠴᠠᠬᠤ᠂ ᠦᠨᠡᠨᠬᠦ | ᠣᠶᠢᠯᠠᠭᠠᠬᠤ᠂ ᠦᠨᠡᠨᠬᠦ ᠴᠢᠳᠠᠬᠤ᠂ ᠦᠨᠡᠨᠬᠦ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ᠃ ᠬᠠᠷᠠᠯᠲᠠ ᠡᠭᠦᠷᠭᠡ ᠳᠤ ᠪᠠᠨ | ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ | ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠢᠳᠡᠪᠬᠢᠲᠡᠢ ᠪᠠᠷ ᠤᠬᠠᠭᠤᠯᠤᠨ | ᠬᠥᠲᠥᠯᠥᠨ ᠵᠢᠯᠤᠭᠤᠳᠴᠤ᠂ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ᠂ ᠨᠡᠭᠦᠷᠡᠰᠦᠲᠥ᠋ᠷᠥᠭᠴᠢ ᠶᠢ ᠪᠠᠭᠠᠰᠬᠠᠵᠤ | ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠦᠴᠦᠷᠬᠡᠭ ᠶᠡᠭᠡ ᠠᠵᠢᠯ ᠤᠨ ᠨᠡᠶᠢᠯᠡᠮᠡᠯ | ᠬᠦᠴᠦᠨ ᠢ ᠴᠢᠷᠮᠠᠶᠢᠨ ᠪᠤᠢ ᠪᠣᠯᠭᠠᠵᠤ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠤᠯᠠᠨ ᠲᠦᠮᠡᠨ ᠥᠷᠭᠡᠨ ᠢᠶᠠᠷ | ᠣᠷᠣᠯᠴᠠᠭᠰᠠᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠲᠤᠭ᠎ᠠ ᠪᠦᠷᠢᠳᠬᠡᠯ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠨᠡᠩ | ᠪᠦᠲᠦᠮᠵᠢᠲᠡᠢ ᠪᠠᠳᠠᠷᠠᠭᠤᠯᠬᠤ ᠲᠤᠬᠠᠢ ᠰᠠᠨᠠᠯ ᠢ ᠤᠯᠠᠮᠵᠢᠯᠠᠨ ᠰᠤᠷᠤᠯᠴᠠᠵᠤ᠂ ᠯᠦ ᠹᠧᠩ ᠺᠣᠮᠫᠠᠨᠢ᠂ ᠤᠰᠤᠨ | ᠠᠰᠢᠭᠯᠠᠯᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠡᠬᠡ ᠬᠦᠦ ᠮᠦᠩᠬᠦ ᠶᠢ ᠪᠤᠴᠠᠭᠠᠭᠰᠠᠨ ᠪᠠᠶᠢᠳᠠᠯ ᠵᠢᠴᠢ | ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠴᠤ ᠰᠤᠳᠤᠯᠤᠨ ᠶᠠᠷᠢᠯᠴᠠᠪᠠ | ᠃ |