ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠶᠠᠪᠣᠳᠠᠯ ᠤᠨ ᠲᠡᠮᠳᠡᠭᠯᠡᠯ ︵2022 ᠣᠨ ᠤ 3 ᠰᠠᠷ᠎ᠠ︶
ᠨᠡᠶᠢᠲᠡᠯᠡᠭᠰᠡᠨ ᠴᠠᠭ᠄
2022/4/3
    3 ᠰᠠᠷ᠎ᠠ ᠶᠢᠨ 2 ᠤᠨ ᠡᠳᠦᠷ᠂ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋  ᠬᠤᠰᠢᠭᠤᠨ ᠳᠠᠷᠤᠭ᠎ᠠ ᠪᠠᠲᠤ᠂  ᠳᠡᠳ᠋ ᠬᠤᠰᠢᠭᠤᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠪᠠ᠃    3 ᠰᠠᠷ᠎ᠠ ᠶᠢᠨ 2 ᠤᠨ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠤᠯᠠᠭᠠᠨᠬᠠᠳᠠ ᠬᠤᠲᠠ ᠶᠢᠨ ᠸᠧᠨᠵᠸᠦ ᠶᠢᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠸᠠᠩ ᠰᠢᠶᠠᠨ ᠶᠢᠨ ᠨᠠᠷ ᠲᠠᠢ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠠᠷᠠᠯᠵᠢᠶᠠᠨ ᠤ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠢ ᠶᠠᠷᠢᠯᠴᠠᠵᠤ ᠰᠣᠯᠢᠯᠴᠠᠪᠠ᠃   3 ᠰᠠᠷ᠎ᠠ ᠶᠢᠨ 2 ᠤᠨ ᠡᠳᠦᠷ᠂ ᠬᠤᠲᠠ ᠶᠢᠨ ᠳᠡᠳ᠋ ᠳᠠᠷᠤᠭ᠎ᠠ ᠰᠦᠨ ᠯᠧ ᠵᠠᠷᠤᠳ ᠬᠤᠰᠢᠭᠤᠨ ᠳᠤ ᠢᠷᠡᠵᠦ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ᠃ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ᠂ ᠭᠦᠸᠧ ᠶᠠ ᠹᠧᠩ ᠪᠠᠷ᠎ᠠ ᠪᠣᠯᠪᠠ᠃    3 ᠰᠠᠷ᠎ᠠ ᠶᠢᠨ 3 ᠤ ᠡᠳᠦᠷ᠂ ᠬᠤᠲᠠ ᠶᠢᠨ ᠳᠥᠷᠪᠡᠳᠦᠭᠡᠷ ᠰᠢᠪᠠᠳᠠᠨ ᠵᠢᠯᠤᠭᠤᠳᠬᠤ ᠳᠤᠭᠤᠶᠢᠯᠠᠩ ᠵᠠᠷᠤᠳ ᠬᠤᠰᠢᠭᠤᠨ ᠳᠤ ᠢᠷᠡᠵᠦ ︽ᠶᠡᠭᠡ ᠶᠠᠷᠢᠯᠴᠠᠭ᠎ᠠ︾ ᠶᠢᠨ ᠠᠵᠢᠯᠯᠠᠭ᠎ᠠ ᠶᠢ ᠰᠢᠪᠠᠳᠠᠨ ᠵᠢᠯᠤᠭᠤᠳᠴᠤ ᠪᠠᠶᠢᠴᠠᠭᠠᠨ ᠰᠤᠳᠤᠯᠬᠤ ᠠᠵᠢᠯ ᠥᠷᠨᠢᠭᠦᠯᠪᠡ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠪᠠᠷ᠎ᠠ ᠪᠣᠯᠪᠠ᠃    3 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠤᠨ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ ᠬᠤᠷᠠᠯ ᠡᠷᠭᠢᠯᠡᠵᠦ ᠶᠠᠷᠢᠶ᠎ᠠ ᠲᠠᠯᠪᠢᠪᠠ᠃    3 ᠰᠠᠷ᠎ᠠ ᠶᠢᠨ 7 ᠤ ᠡᠳᠦᠷ᠂ ᠵᠠᠷᠤᠳ ᠬᠤᠰᠢᠭᠤ ᠪᠣᠯᠣᠨ ᠤᠯᠤᠰ ᠤᠨ ᠡᠮ ᠤᠨ ᠦᠢᠯᠡᠰ ᠤᠨ ᠬᠤᠸᠠ ᠬᠤᠩ ᠪᠦᠯᠦᠭᠯᠡᠯ᠂ ᠾᠧᠩ ᠳ᠋ᠦ᠋ ᠲᠠᠷᠢᠶᠠᠯᠠᠩ ᠤᠨ ᠪᠦᠯᠦᠭᠯᠡᠯ ᠬᠢᠨ ᠲᠠᠢ ᠲᠥᠷᠥᠯ ᠵᠦᠢᠯ ᠤᠨ ᠵᠥᠪᠳᠡᠯᠴᠡᠭᠡᠷ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠪᠠ᠃    3 ᠰᠠᠷ᠎ᠠ ᠶᠢᠨ 7  ᠤ ᠡᠳᠦᠷ ᠠᠴᠠ 8  ᠤ ᠡᠳᠦᠷ ᠪᠣᠯᠲᠠᠯ᠎ᠠ᠂ ᠬᠤᠳᠠ ᠶᠢᠨ ᠳᠡᠳ᠋ ᠳᠠᠷᠤᠭ᠎ᠠ ᠨᠢᠦ ᠸᠧᠨ ᠵᠢᠶᠦ᠋ᠨ ᠵᠠᠷᠤᠳ ᠬᠤᠰᠢᠭᠤᠨ ᠳᠤ ᠢᠷᠡᠵᠦ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠤᠯᠲᠠ ᠬᠢᠪᠡ᠃ ᠳᠡᠳ᠋ ᠬᠤᠰᠢᠭᠤᠨ ᠳᠠᠷᠤᠭ᠎ᠠ ᠯᠢ ᠶᠦᠩ ᠬᠠᠢ ᠪᠠᠷ᠎ᠠ ᠪᠣᠯᠪᠠ᠃    3 ᠰᠠᠷ᠎ᠠ ᠶᠢᠨ 8 ᠤ ᠡᠳᠦᠷ᠂ ᠬᠤᠲᠠ ᠶᠢᠨ ᠳᠡᠳ᠋ ᠳᠠᠷᠤᠭ᠎ᠠ ᠼᠤᠤ ᠶᠢᠨ ᠱᠠᠨ ᠵᠠᠷᠤᠳ ᠬᠤᠰᠢᠭᠤᠨ ᠳᠤ ᠢᠷᠡᠵᠦ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠠᠷ᠎ᠠ ᠪᠣᠯᠪᠠ᠃    3 ᠰᠠᠷ᠎ᠠ ᠶᠢᠨ 7 ᠤ ᠡᠳᠦᠷ᠂ ᠵᠠᠷᠤᠳ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠪᠠᠶᠢᠷᠢᠯᠠᠭᠤᠯᠤᠯᠲᠠ ᠶᠢᠨ ᠬᠤᠷᠠᠯ  ᠬᠢᠪᠡ᠃ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ  ᠲᠢᠶᠧ ᠮᠢᠨ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠣᠷᠣᠯᠴᠠᠪᠠ᠃    3 ᠰᠠᠷ᠎ᠠ ᠶᠢᠨ 8 ᠤ ᠡᠳᠦᠷ᠂ ᠵᠠᠷᠤᠳ ᠬᠤᠰᠢᠭᠤᠨ ᠤ ᠡᠮᠡᠭᠲᠡᠶᠢᠴᠦᠳ ᠤᠨ ᠠᠷᠪᠠᠨ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠢᠪᠡ᠃ ᠬᠤᠲᠠ ᠶᠢᠨ ᠡᠮᠡᠭᠲᠡᠶᠢᠴᠦᠳ ᠤᠨ  ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠦᠦ ᠬᠤᠩ ᠮᠧᠶ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠬᠤᠷᠠᠯ ᠳᠤ ᠣᠷᠣᠯᠴᠠᠪᠠ᠃    3 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠩᠬᠠᠳᠤᠭᠠᠷ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠰᠤᠯᠠ ᠣᠷᠣᠯᠴᠠᠪᠠ᠃    3 ᠰᠠᠷ᠎ᠠ ᠶᠢᠨ 10 ᠤ ᠡᠳᠦᠷ᠂ 2022 ᠣᠨ ᠤ ᠵᠠᠷᠤᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    3 ᠰᠠᠷ᠎ᠠ ᠶᠢᠨ 10 ᠤ ᠡᠳᠦᠷ᠂ ᠵᠠᠷᠤᠳ ᠬᠤᠰᠢᠭᠤ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠬᠠᠮᠲᠤᠷᠠᠭᠰᠠᠨ ᠬᠤᠷᠠᠯ  ᠬᠢᠪᠡ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    3 ᠰᠠᠷ᠎ᠠ ᠶᠢᠨ 11 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂  ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠠᠷ᠎ᠠ ᠪᠣᠯᠪᠠ᠃    3 ᠰᠠᠷ᠎ᠠ ᠶᠢᠨ 10  ᠤ ᠡᠳᠦᠷ ᠠᠴᠠ 11 ᠤ ᠡᠳᠦᠷ ᠪᠣᠯᠲᠠᠯ᠎ᠠ᠂ ᠱᠠᠨᠳᠦ᠋ᠩ ᠤᠨ ᠱᠦᠢ ᠹᠠ ᠹᠧᠩ ᠶᠤᠸᠠᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠰᠢᠦᠢ ᠸᠧᠢ ᠬᠠᠮᠲᠤ ᠶᠠᠪᠣᠭᠰᠠᠳ ᠲᠠᠢ ᠪᠠᠨ ᠵᠠᠷᠤᠳ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠤᠶᠤ ᠵᠥᠪᠳᠡᠯᠴᠡᠭᠡᠷ ᠤᠨ ᠬᠤᠷᠠᠯ ᠳᠤ ᠣᠷᠣᠯᠴᠠᠪᠠ᠃    3 ᠰᠠᠷ᠎ᠠ ᠶᠢᠨ 12 ᠤ ᠡᠳᠦᠷ᠂ ᠪᠦᠭᠦ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ᠂ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠣᠷᠣᠯᠴᠠᠪᠠ᠃    3 ᠰᠠᠷ᠎ᠠ ᠶᠢᠨ 12 ᠤ ᠡᠳᠦᠷ᠂ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ᠂ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠣᠷᠣᠯᠴᠠᠪᠠ᠃    3 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠤᠷᠢᠳ ᠬᠤᠵᠢᠳ ᠬᠤᠰᠢᠭᠤᠨ ᠤ ᠮᠣᠩᠭᠤᠯ ᠦᠨᠳᠦᠰᠦᠲᠡᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠯᠦᠪᠧᠢ ᠪᠠᠯᠭᠠᠰᠤᠨ ᠤ ᠢᠦᠢ ᠱᠤ᠋ ᠲᠦᠨ ᠲᠣᠰᠬᠤᠨ᠂ ᠯᠦᠪᠧᠢ ᠶᠢᠨ ᠡᠮᠦᠨ᠎ᠡ ᠰᠦᠢᠳᠬᠡᠯ ᠬᠤᠷᠢᠶᠠᠬᠤ ᠥᠷᠲᠡᠭᠡᠨ ᠤ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠴᠡᠭ ᠵᠡᠷᠭᠡ ᠭᠠᠵᠠᠷ ᠲᠤ ᠬᠦᠷᠴᠦ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠠᠷ᠎ᠠ ᠪᠣᠯᠪᠠ᠃    3 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ ᠵᠠᠷᠤᠳ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠢᠪᠡ᠃    3 ᠰᠠᠷ᠎ᠠ ᠶᠢᠨ 15 ᠤ ᠡᠳᠦᠷ᠂ 2022 ᠣᠨ ᠤ ᠵᠠᠷᠤᠳ ᠬᠤᠰᠢᠭᠤᠨ ᠤ ᠠᠷᠠᠳ ᠤᠨ ᠶᠠᠪᠤᠳᠠᠯ ᠤᠨ ᠠᠵᠢᠯ ᠵᠢᠴᠢ ᠨᠠᠮ ᠤᠨ ᠰᠤᠷᠲᠠᠯ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    3 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠡᠷᠭᠡᠨᠪᠠᠲᠤ ᠵᠠᠷᠤᠳ ᠬᠤᠰᠢᠭᠤᠨ ᠳᠤ ᠢᠷᠡᠵᠦ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠠᠷ᠎ᠠ ᠪᠣᠯᠪᠠ᠃    3 ᠰᠠᠷ᠎ᠠ ᠶᠢᠨ 16 ᠤ ᠡᠳᠦᠷ᠂ ᠪᠦᠭᠦ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ᠂ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠣᠷᠣᠯᠴᠠᠪᠠ᠃    3 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠷᠭᠤᠳᠤᠭᠠᠷ ᠰᠢᠪᠠᠳᠠᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠬᠢᠵᠢᠭ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ ᠰᠢᠪᠠᠳᠠᠨ ᠵᠢᠯᠤᠭᠤᠳᠴᠤ ᠪᠠᠶᠢᠴᠠᠭᠠᠪᠠ᠃    3 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠵᠠᠷᠤᠳ ᠬᠤᠰᠢᠭᠤᠨ ᠳᠤ ᠢᠷᠡᠵᠦ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠴᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠤᠭᠤᠴᠢᠨ ᠪᠠᠶᠢᠴᠠᠭᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠡᠷᠭᠡᠨᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠠᠷ᠎ᠠ ᠪᠣᠯᠪᠠ᠃    3 ᠰᠠᠷ᠎ᠠ ᠶᠢᠨ 17 ᠤ ᠡᠳᠦᠷ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠷᠭᠤᠳᠤᠭᠠᠷ ᠰᠢᠪᠠᠳᠠᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠯᠦᠪᠧᠢ ᠪᠠᠯᠭᠠᠰᠤᠨ ᠤ ᠵᠠᠷᠢᠮ ᠲᠠᠷᠢᠶᠠᠯᠠᠩ ᠤᠨ ᠬᠡᠷᠡᠭᠰᠡᠯ ᠤᠨ ᠳᠡᠯᠭᠡᠭᠦᠷ᠂ ᠵᠣᠴᠢᠳ ᠤᠨ ᠪᠠᠭᠤᠳᠠᠯ᠂ ᠲᠣᠭᠯᠠᠭᠠᠮ ᠤᠨ ᠲᠢᠩᠬᠢᠮ᠂ ᠡᠮᠨᠡᠯᠭᠡ ᠶᠢᠨ ᠬᠤᠷᠢᠶ᠎ᠠ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠰᠤᠷᠭᠠᠨ ᠬᠥᠮᠦᠵᠢᠯ ᠤᠨ ᠪᠠᠶᠢᠭᠤᠯᠤᠮᠵᠢ᠂ ᠳᠡᠯᠭᠡᠭᠦᠷ᠂ ᠡᠮ ᠤᠨ ᠳᠡᠯᠭᠡᠭᠦᠷ᠂ ᠪᠡᠶ᠎ᠡ ᠴᠢᠭᠢᠷᠠᠭᠵᠢᠭᠤᠯᠬᠤ ᠭᠡᠷ᠂ 4S ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠬᠦᠷᠴᠦ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠪᠠ᠃    3 ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ᠂ ᠳᠡᠳ᠋ ᠬᠤᠰᠢᠭᠤᠨ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠳᠥᠷᠪᠡᠳᠦᠭᠡᠷ ᠰᠢᠪᠠᠳᠠᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠯᠦᠪᠧᠢ ᠪᠠᠯᠭᠠᠰᠤ᠂ ᠯᠦᠪᠧᠢ ᠵᠡᠭᠡᠯᠢ ᠭᠤᠳᠤᠮᠵᠢ ᠶᠢᠨ ᠵᠠᠷᠢᠮ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠵᠢᠴᠢ ᠵᠣᠴᠢᠳ ᠤᠨ ᠪᠠᠭᠤᠳᠠᠯ᠂ ᠬᠡᠲᠦ ᠳᠡᠯᠭᠡᠭᠦᠷ᠂ ᠡᠮ ᠤᠨ ᠳᠡᠯᠭᠡᠭᠦᠷ ᠂ ᠡᠯᠧᠺᠲᠷᠦᠨ ᠲᠣᠭᠯᠠᠭᠠᠮ ᠤᠨ ᠭᠠᠵᠠᠷ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠬᠦᠷᠴᠦ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠪᠠ᠃    3 ᠰᠠᠷ᠎ᠠ ᠶᠢᠨ 18 ᠤ ᠡᠳᠦᠷ᠂ ᠬᠤᠲᠠ ᠶᠢᠨ ᠳᠡᠳ᠋ ᠳᠠᠷᠤᠭ᠎ᠠ ᠨᠢᠦ ᠸᠧᠨ ᠵᠢᠶᠦ᠋ᠨ ᠵᠠᠷᠤᠳ ᠬᠤᠰᠢᠭᠤᠨ ᠳᠤ ᠢᠷᠡᠵᠦ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ᠂ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠶᠢᠨ ᠬᠠᠮᠲᠤ ᠰᠠᠭᠤᠳᠠᠯ ᠤᠨ ᠬᠤᠷᠠᠯ ᠡᠷᠭᠢᠯᠡᠨ ᠬᠢᠪᠡ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠰᠠᠭᠤᠳᠠᠯ ᠤᠨ ᠬᠤᠷᠠᠯ ᠳᠤ ᠣᠷᠣᠯᠴᠠᠭᠰᠠᠨ ᠪᠤᠶᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    3 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠤᠷᠢᠳ ᠬᠤᠵᠢᠳ ᠯᠦᠪᠸᠢ ᠪᠠᠯᠭᠠᠰᠤᠨ ᠤ ᠮᠣᠳᠣ ᠭᠠᠴᠠᠭ᠎ᠠ᠂ ᠬᠤᠩᠬᠠᠲᠤ ᠠᠭᠤᠯᠠ ᠪᠠᠯᠭᠠᠰᠤ᠂  ᠦᠨᠡᠭᠡᠴᠢ ᠮᠠᠯᠵᠢᠯ ᠤᠨ ᠲᠠᠯᠠᠪᠠᠶ᠂ ᠦᠨᠡᠭᠡᠴᠢ ᠰᠤᠮᠤ ᠶᠢᠨ ᠬᠤ᠋ ᠵᠢᠶᠧ ᠭᠠᠴᠠᠭ᠎ᠠ᠂ ᠭᠠᠭ᠋ᠠᠶᠢᠲᠤ ᠪᠠᠯᠭᠠᠰᠤᠨ ᠤ ᠰᠠᠷᠠᠬᠠᠳᠠ ᠭᠠᠴᠠᠭ᠎ᠠ ᠵᠡᠷᠭᠡ ᠭᠠᠵᠠᠷ ᠬᠦᠷᠴᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠪᠠᠷ᠎ᠠ ᠪᠣᠯᠪᠠ᠃    3 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢᠦ ᠶᠣᠣ ᠭᠡᠷᠴᠢᠯᠠᠭᠤ ᠰᠤᠮᠤᠨ ᠳᠤ ᠬᠦᠷᠴᠦ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃    3 ᠰᠠᠷ᠎ᠠ ᠶᠢᠨ 21 ᠤ ᠡᠳᠦᠷ᠂ ᠵᠠᠷᠤᠳ ᠬᠤᠰᠢᠭᠤ 19 ᠰᠤᠮᠤ ᠪᠠᠯᠭᠠᠰᠤ ᠲᠠᠯᠠᠪᠠᠶ ᠵᠡᠭᠡᠯᠢ ᠭᠤᠳᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠴᠢᠯᠡᠭᠡᠨ ᠤ ᠲᠥᠪ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ ᠶᠣᠰᠣᠯᠠᠯ ᠳᠤ ᠣᠷᠣᠯᠴᠠᠪᠠ᠃    3 ᠰᠠᠷ᠎ᠠ ᠶᠢᠨ 21 ᠤ ᠡᠳᠦᠷ᠂ ᠵᠠᠷᠤᠳ ᠬᠤᠰᠢᠭᠤ ᠠᠶᠤᠯᠭᠦᠢ ᠦᠢᠯᠡᠳᠪᠦᠷᠢᠯᠡᠯ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂  ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ᠂ ᠳᠡᠳ᠋ ᠬᠤᠰᠢᠭᠤᠨ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ᠂ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠬᠤᠷᠠᠯ ᠳᠤ ᠣᠷᠣᠯᠴᠠᠪᠠ᠃    3 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠪᠥᠬᠦ ᠬᠤᠰᠢᠭᠤᠨ ᠤ ᠰᠢᠷ᠎ᠠ ᠪᠤᠷᠴᠠᠭ ᠢ ᠥᠷᠭᠡᠳᠬᠡᠨ ᠳᠠᠷᠢᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠢᠪᠡ᠃    3 ᠰᠠᠷ᠎ᠠ ᠶᠢᠨ 22 ᠤ ᠡᠳᠦᠷ᠂ ᠵᠠᠷᠤᠳ ᠬᠤᠰᠢᠭᠤ ᠪᠣᠯᠣᠨ ᠵᠥᠩ ᠯᠢᠨ ᠠᠮᠢ ᠠᠬᠤᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃    3 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠵᠠᠷᠤᠳ ᠬᠤᠰᠢᠭᠤᠨ ᠳᠤ ᠢᠷᠡᠵᠦ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠬᠤᠩ ᠹᠦ᠋᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠡᠷᠭᠡᠨᠪᠠᠲᠤ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    3 ᠰᠠᠷ᠎ᠠ ᠶᠢᠨ 25 ᠤ ᠡᠳᠦᠷ᠂ ᠵᠠᠷᠤᠳ ᠬᠤᠰᠢᠭᠤ ᠮᠥᠩᠭᠦᠨ ᠭᠦᠢᠯᠭᠡᠭᠡᠨ ᠤ ᠬᠦᠷᠢᠶ᠎ᠡ ᠴᠠᠷ᠎ᠠ ᠶᠢᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    3 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠦᠭᠡᠮ ᠬᠦᠴᠢᠯ ᠰᠢᠯᠭᠠᠨ ᠪᠠᠶᠢᠴᠠᠭᠠᠬᠤ ᠰᠣᠷᠢᠯᠲᠠ ᠶᠢᠨ ᠠᠵᠢᠯ ᠢ ᠬᠢᠨᠠᠨ ᠵᠢᠯᠤᠭᠤᠳᠴᠤ  ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠠᠷ᠎ᠠ ᠪᠣᠯᠪᠠ᠃    3 ᠰᠠᠷ᠎ᠠ ᠶᠢᠨ 26 ᠤ ᠡᠳᠦᠷ᠂ ᠵᠠᠷᠤᠳ ᠬᠤᠰᠢᠭᠤ ᠪᠣᠯᠣᠨ ᠳ᠋ᠧᠯ ᠪᠦᠯᠦᠭᠯᠡᠯ ᠲᠥᠷᠥᠯ ᠵᠦᠢᠯ ᠤᠨ ᠵᠥᠪᠳᠡᠯᠴᠡᠭᠡᠨ ᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠪᠠ᠃    3 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠳᠣᠯᠣᠲᠤ ᠰᠤᠮᠤ ᠶᠢᠨ ᠬᠤᠯᠤᠰᠤᠲᠠᠢ ᠭᠠᠴᠠᠭ᠎ᠠ᠂ ᠳ᠋ᠠᠮᠬᠤᠸᠠ ᠭᠠᠴᠠᠭ᠎ᠠ᠂ ᠴᠢᠨᠳᠠᠮᠣᠨᠢ ᠰᠤᠮᠤ ᠶᠢᠨ  ᠵᠢᠭᠠᠰᠣᠲᠠᠢ ᠭᠠᠴᠠᠭ᠎ᠠ ᠵᠡᠷᠭᠡ ᠭᠠᠵᠠᠷ ᠲᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠪᠠᠷ᠎ᠠ ᠪᠣᠯᠪᠠ᠃    3 ᠰᠠᠷ᠎ᠠ ᠶᠢᠨ 30 ᠤ ᠡᠳᠦᠷ᠂ ᠪᠦᠭᠦ ᠬᠤᠰᠢᠭᠤᠨ ᠤ ᠭᠤᠣᠯᠳᠠᠯᠭ᠎ᠠ ᠲᠠᠢ ᠲᠦᠷᠤᠯ ᠵᠦᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠪᠠ᠃    3 ᠰᠠᠷ᠎ᠠ ᠶᠢᠨ 30 ᠤ ᠡᠳᠦᠷ᠂ ᠵᠠᠷᠤᠳ ᠬᠤᠰᠢᠭᠤᠨ ᠤ ᠴᠢᠪᠠᠭᠠᠲᠤ ᠰᠤᠮᠤ ᠪᠣᠯᠣᠨ ᠥᠪᠥᠷ ᠮᠣᠩᠭᠤᠯ ᠤᠨ ᠳ᠋ᠢ ᠹᠧᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠯᠢᠦᠢ ᠹᠧᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠲᠡᠵᠢᠭᠡᠪᠦᠷᠢ ᠶᠢᠨ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠶᠣᠰᠣᠯᠠᠯ ᠳᠤ ᠣᠷᠣᠯᠴᠠᠪᠠ᠃    3 ᠰᠠᠷ᠎ᠠ ᠶᠢᠨ 30 ᠤ ᠡᠳᠦᠷ᠂ ᠵᠠᠷᠤᠳ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠲᠤᠰᠬᠠᠢ ᠠᠬᠢᠭᠤᠯᠬᠤ ᠵᠢᠴᠢ ᠰᠢᠪᠳᠣᠯᠣᠯᠲᠠ ᠶᠢᠨ ᠣᠨ ᠤ ᠨᠢᠭᠡᠳᠦᠭᠡᠷ ᠤᠯᠠᠷᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    3 ᠰᠠᠷ᠎ᠠ ᠶᠢᠨ 31 ᠤ ᠡᠳᠦᠷ᠂ ᠵᠠᠷᠣᠳ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠬᠢᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ 20 ᠲᠦᠮᠡᠨ ᠲᠥᠭᠦᠷᠢᠭ ᠬᠠᠨᠳᠢᠪᠯᠡᠵᠤ᠂ ᠪᠦᠭᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠪᠡ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠬᠠᠨᠳᠢᠪ ᠡᠷᠭᠦᠬᠦ ᠶᠣᠰᠣᠯᠠᠯ ᠳᠤ ᠣᠷᠣᠯᠴᠠᠪᠠ᠃    3 ᠰᠠᠷ᠎ᠠ ᠶᠢᠨ 30 ᠤ ᠡᠳᠦᠷ᠂ ᠵᠠᠷᠤᠳ ᠬᠤᠰᠢᠭᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    3 ᠰᠠᠷ᠎ᠠ ᠶᠢᠨ 31 ᠤ ᠡᠳᠦᠷ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠬᠤᠷᠠᠯ ᠳᠤ ᠣᠷᠣᠯᠴᠠᠪᠠ᠃    3 ᠰᠠᠷ᠎ᠠ ᠶᠢᠨ 31 ᠤ ᠡᠳᠦᠷ᠂ ᠪᠥᠬᠦ ᠬᠤᠰᠢᠭᠤᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ ᠠᠵᠢᠯ ᠢ ᠲᠦᠯᠬᠢᠨ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ᠂ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠬᠤᠷᠠᠯ ᠳᠤ  ᠣᠷᠣᠯᠴᠠᠪᠠ᠃    3 ᠰᠠᠷ᠎ᠠ ᠶᠢᠨ 31 ᠤ ᠡᠳᠦᠷ᠂ ᠵᠠᠷᠤᠳ ᠬᠤᠰᠢᠭᠤᠨ ᠤ ᠪᠤᠩᠬᠤᠨ ᠤ ᠭᠠᠵᠠᠷ ᠢ ᠲᠤᠰᠬᠠᠢ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂  ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号