ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠵᠠᠷᠤᠳ ᠬᠤᠰᠢᠭᠤᠨ ᠳᠤ ᠢᠷᠡᠵᠦ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠪᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢᠳᠠᠢ ᠠᠯᠭᠠᠰᠠᠯᠠᠨ ᠲᠠᠷᠢᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/5/10
  5 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠯᠦ ᠵᠠᠨ ᠶᠤᠸᠠᠨ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠪᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢᠳᠠᠢ ᠠᠯᠭᠠᠰᠠᠯᠠᠨ ᠲᠠᠷᠢᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠶᠢᠨ ᠬᠠᠮᠲᠤ ᠰᠠᠭᠤᠳᠠᠯ  ᠤᠨ ᠬᠤᠷᠠᠯ ᠬᠢᠪᠡ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠵᠢᠶᠦ᠋ᠨ ᠯᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ ᠵᠢᠴᠢ ᠬᠤᠲᠠ ᠬᠤᠰᠢᠭᠤ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
   ᠬᠤᠷᠠᠯ ᠳᠡᠭᠡᠷ᠎ᠡ᠂ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠰᠣᠨᠣᠰᠴᠤ᠂ ᠲᠠᠷᠢᠬᠤ ᠮᠡᠷᠭᠡᠵᠢᠯ᠂ ᠲᠦᠭᠡᠮᠡᠯᠵᠢᠭᠦᠯᠬᠦ ᠭᠡᠳᠤ ᠶᠢᠨ ᠲᠥᠯᠥᠪ᠂ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠵᠡᠷᠭᠡ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠵᠠᠷᠤᠳ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠮᠡᠷᠭᠡᠵᠢᠯ ᠤᠨ ᠪᠣᠯᠪᠠᠰᠤᠷᠠᠭᠤᠯᠤᠯ᠂ ᠤᠬᠠᠭᠤᠯᠭ᠎ᠠ ᠬᠥᠲᠥᠯᠥᠨ ᠵᠢᠯᠤᠭᠤᠳᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠣᠳᠠᠲᠠᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠬᠠᠷ᠎ᠠ ᠬᠦᠷᠤᠰᠤ ᠶᠢ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠪᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢᠳᠠᠢ ᠠᠯᠭᠠᠰᠠᠯᠠᠨ ᠲᠠᠷᠢᠬᠤ ᠠᠵᠢᠯ ᠢ ᠨᠡᠯᠢᠶᠡᠳ ᠯᠠᠪᠳᠠᠭᠤᠨ ᠪᠠᠲᠤᠲᠠᠢ  ᠬᠢᠵᠦ᠂ ᠠᠵᠢᠯ ᠥᠷᠨᠢᠭᠦᠯᠦᠭᠰᠡᠨ ᠪᠠᠶᠢᠳᠠᠯ ᠢ ᠨᠤᠲᠠᠯᠠᠵᠤ ᠪᠠᠶᠢᠬᠤ ᠪᠠᠨ ᠢᠯᠡᠳᠬᠡᠪᠡ᠃
    ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠰᠢ ᠰᠦᠷᠡᠯ ᠢ ᠰᠢᠢᠳᠪᠦᠷᠢᠯᠡᠬᠦ ᠪᠠᠷᠢᠮᠵᠢᠶ᠎ᠠ ᠶᠢ ᠴᠢᠩᠭ᠎ᠠ ᠡᠵᠡᠮᠰᠢᠵᠦ᠂ ᠡᠰᠢ ᠰᠦᠷᠡᠯ ᠢ ᠰᠢᠢᠳᠪᠦᠷᠢᠯᠡᠬᠦ ᠠᠷᠭ᠎ᠠ ᠮᠠᠶ᠋ᠢᠭ ᠢᠶᠠᠨ ᠤᠯᠠᠮ ᠨᠢᠭᠡ ᠠᠯᠬᠤᠮ ᠵᠢᠷᠤᠮᠵᠢᠭᠤᠯᠤᠨ᠂ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠶᠢᠨ ᠲᠤᠬᠠᠢ ᠲᠠᠷᠢᠶᠠᠴᠢᠳ ᠤᠨ ᠲᠠᠨᠢᠯᠲᠠ ᠪᠠ ᠬᠡᠷᠡᠭᠴᠡᠭᠡ ᠶᠢ ᠳᠡᠭᠡᠭᠰᠢᠯᠡᠭᠦᠯᠵᠦ᠂ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠤᠨ ᠬᠡᠷᠡᠭᠯᠡᠯᠲᠡ ᠪᠠ ᠳᠡᠯᠭᠡᠷᠡᠭᠦᠯᠦᠯᠲᠡ ᠶᠢ ᠲᠦᠯᠬᠢᠨ ᠠᠬᠢᠭᠤᠯᠵᠤ᠂ ᠬᠠᠷ᠎ᠠ ᠬᠦᠷᠤᠰᠤ ᠶᠢ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭ᠎ᠠ ᠶᠢ ᠰᠢᠨ᠎ᠡ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ᠃ ᠬᠥᠳᠡᠭᠡ ᠠᠵᠤ ᠠᠬᠤᠢ ᠶᠢᠨ ᠶᠠᠮᠤᠨ ᠤ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢᠳᠠᠢ ᠠᠯᠭᠠᠰᠠᠯᠠᠨ ᠲᠠᠷᠢᠬᠤ ᠲᠤᠬᠠᠢ ᠳᠤᠷᠠᠳᠤᠭᠰᠠᠨ ᠭᠠᠷᠤᠯᠲᠠ ᠶᠢᠨ ᠭᠦᠢᠴᠡᠳᠭᠡᠯ ᠲᠤᠭ᠎ᠠ ᠪᠣᠯᠣᠨ ᠮᠡᠷᠭᠡᠵᠢᠯ ᠤᠨ ᠵᠢᠯᠤᠭᠤᠳᠬᠤ ᠰᠠᠨᠠᠯ ᠢ ᠰᠠᠶᠢᠲᠤᠷ ᠵᠠᠳᠠᠯᠤᠨ ᠰᠤᠳᠤᠯᠤᠨ ᠮᠠᠭᠠᠳᠯᠠᠵᠤ᠂ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠲᠠᠷᠢᠶᠠᠴᠢᠳ ᠲᠤ ᠨᠡᠩ ᠰᠠᠶᠢᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠲᠠᠷᠢᠶᠠᠯᠠᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠬᠤ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠥᠨᠳᠥᠷ ᠪᠠᠷᠢᠮᠵᠢᠶᠠᠲᠤ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠂ ᠲᠤᠬᠠᠢ ᠶᠢᠨ ᠭᠠᠵᠠᠷ ᠲᠤ ᠪᠠᠨ ᠲᠣᠬᠢᠷᠠᠬᠤ ᠲᠠᠷᠢᠶᠠᠯᠠᠬᠤ ᠮᠡᠷᠭᠡᠵᠢᠯ ᠢ ᠳ᠋ᠦᠩᠨᠡᠨ ᠪᠣᠯᠪᠠᠰᠤᠷᠠᠭᠤᠯᠵᠤ᠂ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠬᠤ ᠪᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢᠳᠠᠢ ᠠᠯᠭᠠᠰᠠᠯᠠᠨ ᠲᠠᠷᠢᠬᠤ ᠶᠠᠰᠤ ᠴᠢᠨᠠᠷ ᠢ ᠳᠡᠭᠡᠭᠰᠢᠯᠡᠭᠦᠯᠬᠦ ᠪᠠ ᠲᠠᠷᠢᠮᠠᠯ ᠤᠨ ᠲᠠᠯᠠᠪᠠᠶ ᠶᠢ ᠦᠷᠭᠦᠯᠵᠢᠯᠡᠨ ᠥᠷᠭᠡᠳᠬᠡᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃
   ᠯᠢᠦ ᠶᠣᠣ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠨᠢ ᠮᠠᠰᠢ ᠴᠢᠩᠭ᠎ᠠ ᠵᠢᠯᠤᠭᠤᠳᠬᠤ ᠴᠢᠨᠠᠷ ᠪᠠ ᠠᠵᠢᠯᠯᠠᠭᠠᠨ ᠤ ᠴᠢᠨᠠᠷ ᠲᠠᠢ ᠪᠠᠶᠢᠵᠤ᠂ ᠪᠥᠬᠦ ᠬᠤᠰᠢᠭᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠬᠢᠷᠢ ᠲᠦᠪᠰᠢᠨ ᠪᠠ ᠥᠷᠭᠡᠨ ᠣᠯᠠᠨ ᠲᠠᠷᠢᠮᠠᠯ ᠤᠨ ᠡᠷᠦᠬᠡ ᠶᠢᠨ ᠲᠠᠷᠢᠶᠠᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ᠂ ᠬᠠᠷ᠎ᠠ ᠬᠦᠷᠤᠰᠤ ᠶᠢ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠪᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢᠳᠠᠢ ᠠᠯᠭᠠᠰᠠᠯᠠᠨ ᠲᠠᠷᠢᠬᠤ ᠠᠵᠢᠯ ᠢ ᠳᠡᠯᠭᠡᠷᠡᠭᠦᠯᠬᠦ ᠳᠤ ᠮᠠᠰᠢ ᠶᠡᠭᠡ ᠠᠬᠢᠭᠤᠯᠬᠤ ᠦᠢᠯᠡᠳᠦᠯ ᠲᠠᠢ ᠶᠤᠮ᠃ ᠮᠠᠨ ᠤ ᠬᠤᠰᠢᠭᠤ ᠬᠢᠨ ᠡᠷᠬᠡᠪᠰᠢ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠵᠢᠯᠤᠭᠤᠳᠬᠤ ᠰᠠᠨᠠᠯ ᠶᠣᠰᠣᠭᠠᠷ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠨ᠂ ᠮᠡᠷᠭᠡᠵᠢᠯ ᠤᠨ ᠲᠤᠷᠰᠢᠯᠭ᠎ᠠ ᠪᠠᠨ ᠳ᠋ᠦᠩᠨᠡᠵᠦ᠂ ᠲᠠᠷᠢᠶᠠᠯᠠᠬᠤ ᠵᠠᠭᠪᠤᠷ ᠢᠶᠠᠨ ᠲᠡᠭᠦᠯᠳᠡᠷᠵᠢᠭᠦᠯᠦᠨ ᠰᠢᠨ᠎ᠡ ᠶᠢ ᠡᠭᠦᠳᠴᠦ᠂ ᠲᠠᠷᠢᠶᠠᠯᠠᠬᠤ ᠴᠠᠭ ᠬᠤᠭᠤᠴᠠᠭ᠎ᠠ ᠶᠢ ᠴᠢᠩᠭ᠎ᠠ ᠡᠵᠡᠮᠳᠡᠨ᠂ 2022 ᠣᠨ ᠤ ᠲᠠᠷᠢᠬᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠲᠦᠩᠯᠢᠶᠣᠣ ᠬᠤᠲᠠ ᠶᠢᠨ ᠬᠤᠶᠢᠲᠤ ᠬᠡᠰᠡᠭ ᠤᠨ ᠲᠠᠷᠢᠶᠠᠯᠠᠩ ᠢ ᠤᠳᠤᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠤᠰᠢᠭᠤᠴᠢ ᠪᠣᠯᠬᠤ ᠪᠠᠷ ᠴᠢᠷᠮᠠᠶᠢᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号