ᠵᠠᠷᠤᠳ ᠬᠤᠰᠢᠭᠤ 2022 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠵᠢᠴᠢ ︽ᠦᠨᠳᠦᠰᠦᠲᠡᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/5/10
   5 ᠰᠠᠷ᠎ᠠ ᠶᠢᠨ 9 ᠤ ᠡᠳᠦᠷ᠂ ᠵᠠᠷᠤᠳ ᠬᠤᠰᠢᠭᠤ 2022 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠵᠢᠴᠢ ︽ᠦᠨᠳᠦᠰᠦᠲᠡᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠢᠦᠢ ᠹᠦ᠋᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠣᠣ ᠼᠠᠢ ᠶᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠴᠦᠨ ᠬᠤᠶ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠶᠠ ᠹᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠠᠢ ᠪᠦᠦ ᠯᠢᠨ ᠣᠷᠣᠯᠴᠠᠪᠠ᠃ ᠪᠥᠬᠦ ᠬᠤᠰᠢᠭᠤᠨ ᠤ 19 ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ ᠬᠤᠰᠢᠭᠤᠨ ᠤ ᠰᠢᠭᠤᠳ ᠬᠠᠷᠢᠶ᠎ᠠ 29 ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠡᠬᠢᠯᠡᠯᠲᠡ ᠶᠢᠨ ᠶᠣᠰᠣᠯᠠᠯ ᠢ ᠶᠣᠣ ᠼᠠᠢ ᠶᠠᠨ ᠡᠷᠬᠢᠯᠡᠪᠡ᠃
   ᠯᠢ ᠢᠦᠢ ᠹᠦ᠋ ᠡᠬᠢᠯᠡᠯᠲᠡ ᠶᠢᠨ ᠶᠣᠰᠣᠯᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ ᠵᠢᠭᠠᠪᠣᠷᠢᠯᠠᠭᠰᠠᠨ ᠨᠢ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠬᠠᠤᠯᠢ  ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠪᠣᠯ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠪᠣᠳᠠᠲᠠᠢ ᠠᠵᠢᠯᠯᠠᠭ᠎ᠠ ᠮᠥᠨ᠂ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠦᠴᠦᠲᠡᠢ ᠰᠢᠵᠢᠮ ᠮᠥᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠠᠶᠢᠴᠢᠯᠠᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠴᠢᠬᠤᠯᠠ ᠠᠷᠭ᠎ᠠ ᠬᠡᠮᠵᠢᠶ᠎ᠡ ᠮᠥᠨ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠰᠡᠳᠬᠢᠯ ᠨᠢᠭᠡᠳᠦᠨ ᠬᠠᠮᠲᠤᠪᠠᠷ ᠤᠭᠲᠤᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠳᠤ ︽ᠬᠡᠯᠪᠡᠷᠢ ᠲᠠᠢ ᠲᠥᠷᠥᠭᠳᠡᠯ ᠲᠠᠢ ᠪᠦᠲᠦᠮᠵᠢᠲᠡᠶ ᠪᠠᠶᠢᠬᠤ ᠬᠡᠷᠡᠭᠲᠡᠢ︾ ︽ᠭᠦᠨᠵᠡᠭᠡᠢ᠂ ᠨᠠᠷᠢᠯᠢᠭ᠂ ᠪᠣᠳᠠᠲᠠᠢ ᠬᠢᠬᠦ ᠬᠡᠷᠡᠭᠲᠡᠢ︾ ᠭᠡᠰᠡᠨ ᠴᠢᠬᠤᠯᠠ ᠱᠠᠭᠠᠷᠳᠠᠯᠭ᠎ᠠ ᠶᠣᠰᠣᠭᠠᠷ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠵᠢᠴᠢ ︽ᠦᠨᠳᠦᠰᠦᠲᠡᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ  ᠶᠢ ᠴᠢᠩᠭᠠᠳᠬᠠᠵᠤ᠂ ᠪᠣᠳᠠᠲᠠᠢ ᠳᠤ ᠠᠳᠬᠤᠬᠤ᠂ ᠨᠠᠷᠢᠯᠢᠭ ᠬᠢᠬᠦ ᠶᠢ ᠪᠠᠷᠢᠮᠲᠠᠯᠠᠵᠤ᠂ ᠰᠢᠵᠢᠮ ᠠᠴᠢᠶᠠᠯᠠᠪᠤᠷᠢ ᠶᠢ ᠪᠣᠳᠠᠲᠠᠶᠢᠵᠢᠭᠤᠯᠵᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠡᠳᠬᠢᠯ ᠲᠠᠷᠢᠬᠢ ᠲᠣᠯᠣᠭᠠᠢ ᠳᠠᠭᠠᠨ ᠬᠠᠳᠠᠩᠰᠢᠭᠤᠯᠬᠤ ᠳᠡᠭᠡᠷ᠎ᠡ ᠬᠦᠴᠦ ᠲᠠᠯᠪᠢᠵᠤ᠂ ᠰᠢᠨ᠎ᠡ ᠮᠡᠷᠭᠡᠵᠢᠯ᠂ ᠰᠢᠨ᠎ᠡ ᠵᠠᠭᠤᠴᠢᠯᠠᠭᠤᠷ᠂ ᠰᠢᠨ᠎ᠡ ᠠᠷᠭ᠎ᠠ ᠪᠠᠷᠢᠯ ᠢ ᠢᠳᠡᠪᠬᠢᠲᠡᠢ ᠬᠡᠷᠡᠭᠯᠡᠨ ᠤᠬᠠᠭᠤᠯᠭ᠎ᠠ ᠶᠢᠨ ᠬᠦᠷᠢᠶ᠎ᠡ ᠪᠠᠨ ᠥᠷᠭᠡᠳᠬᠡᠵᠦ᠂ ᠰᠤᠷᠭᠠᠨ ᠬᠥᠮᠦᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠂ᠬᠡᠯᠪᠡᠷᠢ ᠲᠠᠢ ᠲᠥᠷᠥᠭᠳᠡᠯ ᠲᠠᠢ ᠪᠦᠲᠦᠮᠵᠢᠲᠡᠶ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ᠂ ᠪᠦᠬᠦᠨ ᠢ ᠪᠦᠷᠬᠦᠬᠦᠯᠬᠦ ᠪᠠ ᠪᠠᠶᠢᠩᠭᠤᠵᠢᠭᠤᠯᠵᠤ᠂ ᠪᠦᠬᠦ ᠠᠵᠢᠯᠲᠠᠨ ᠤ ᠳᠣᠮᠲᠠ ᠥᠷᠨᠢᠭᠦᠯᠬᠦ ᠶᠢ ᠠᠬᠢᠭᠤᠯᠬᠤ ᠬᠡᠷᠡᠭᠲᠡᠢ ᠭᠡᠪᠡ᠃
   ᠯᠢ ᠢᠦᠢ ᠹᠦ᠋ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ︽ᠬᠤᠶᠠᠷ ᠶᠡᠭᠡ ᠲᠠᠯ᠎ᠠ︾ ᠳᠤ ᠵᠣᠭᠰᠣᠵᠤ᠂ ︽ᠤᠯᠤᠰ ᠤᠨ ᠶᠡᠭᠡ ᠦᠢᠯᠡᠰ︾ ᠢ ᠪᠠᠲᠤ ᠴᠡᠭᠡᠵᠢᠯᠡᠵᠦ᠂ ᠨᠠᠮ ᠤᠨ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠪᠠ ᠦᠨᠳᠦᠰᠦᠲᠡᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠡᠭᠤ ᠠᠯᠳᠠᠷ ᠢᠴᠡᠭᠦᠷᠢ  ᠭᠤᠲᠣᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠣᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠶᠢᠨ ᠳᠠᠭᠠᠣ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ᠂ ᠰᠤᠷᠭᠠᠨ ᠬᠥᠮᠦᠵᠢᠯ ᠤᠨ ᠳᠦᠷᠢᠮ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ ᠪᠠ ᠠᠷᠭ᠎ᠠ ᠶᠢ ᠬᠡᠷᠡᠭᠵᠢᠭᠦᠯᠬᠦ ᠵᠡᠷᠭᠡ ᠬᠠᠤᠯᠢ ᠲᠣᠭᠲᠠᠭᠠᠯ ᠤᠨ ᠤᠬᠠᠭᠤᠯᠭ᠎ᠠ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠳᠤ ᠣᠶᠢᠯᠠᠭᠠᠭᠤᠯᠵᠤ᠂ ᠤᠯᠠᠮᠵᠢᠯᠠᠨ ᠳᠡᠯᠭᠡᠷᠡᠭᠦᠯᠵᠦ᠂ ᠳᠠᠶᠠᠭᠠᠷ ᠢᠶᠠᠨ ᠮᠡᠳᠡᠵᠦ᠂ ᠬᠥᠮᠥᠨ ᠪᠦᠬᠦᠨ ᠳᠤ ᠮᠡᠳᠡᠭᠦᠯᠵᠦ᠂  ᠬᠤᠷ᠎ᠠ ᠶᠢᠨ ᠰᠢᠮ᠎ᠡ ᠪᠠᠷ ᠲᠦᠮᠡᠨ ᠪᠣᠳᠠᠰ ᠢ ᠣᠮᠳᠠᠯᠠᠬᠤ ᠰᠢᠭ᠋ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠬᠤ ᠬᠡᠷᠡᠭᠲᠡᠢ᠃ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠴᠢᠩᠭᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠢᠳᠡᠪᠬᠢᠲᠡᠢ ᠠᠬᠢᠭᠤᠯᠵᠤ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠢᠳᠡᠪᠬᠢᠲᠡᠢ ᠬᠠᠮᠠᠭᠠᠯᠠᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠡᠭᠦᠷᠭᠡ ᠢᠶᠠᠨ ᠴᠢᠷᠮᠠᠶᠢᠨ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃
   ᠡᠬᠢᠯᠡᠯᠲᠡ ᠶᠢᠨ ᠶᠣᠰᠣᠯᠠᠯ ᠳᠡᠭᠡᠷ᠎ᠡ᠂ ᠭᠦᠸᠧ ᠶᠠ ᠹᠧᠩ ᠪᠥᠬᠦ ᠬᠤᠰᠢᠭᠤᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠵᠢᠴᠢ ᠦᠨᠳᠦᠰᠦᠲᠡᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ ᠪᠠᠰᠠ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠤᠷᠠᠯ ᠳᠤ ᠣᠷᠣᠯᠴᠠᠭᠰᠠᠳ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠬᠠᠤᠯᠢ ᠲᠣᠭᠲᠠᠭᠠᠯ ᠤᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠣᠯᠠᠨ ᠲᠦᠮᠡᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠤᠨ ᠲᠤᠬᠠᠢ ᠲᠠᠨᠢᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠪᠠ᠃
   ᠣᠶᠢᠯᠠᠭᠠᠭᠰᠠᠨ ᠢᠶᠠᠷ᠂ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ 5 ᠰᠠᠷ᠎ᠠ ᠶᠢᠨ 1 ᠤ ᠡᠳᠦᠷ ᠠᠴᠠ 31 ᠤ ᠡᠳᠦᠷ ᠪᠣᠯᠣᠨ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠲᠣᠭᠲᠠᠭᠠᠯ ᠢ ᠥᠷᠭᠡᠨ ᠭᠦᠨᠵᠡᠭᠡᠢ ᠣᠬᠠᠭᠤᠯᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号