ᠵᠠᠷᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠬᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠴᠢᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠤᠨ ᠲᠤᠰᠬᠠᠢ ᠰᠡᠳᠦᠪᠲᠦ ᠬᠤᠷᠠᠯ ᠬᠢᠪᠡ
ᠨᠡᠶᠢᠲᠡᠯᠡᠭᠰᠡᠨ ᠴᠠᠭ᠄
2022/5/10
   ᠣᠶᠢᠷ᠎ᠠ ᠳᠤ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠬᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠴᠢᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠤᠨ ᠲᠤᠰᠬᠠᠢ ᠰᠡᠳᠦᠪᠲᠦ ᠬᠤᠷᠠᠯ ᠬᠢᠪᠡ᠃ ᠬᠤᠷᠠᠯ ᠳᠡᠭᠡᠷ᠎ᠡ ᠬᠤᠰᠢᠭᠤᠨ ᠤ ᠨᠠᠮ ᠤᠨ ᠬᠤᠷᠢᠶ᠎ᠠ ᠶᠢᠨ ︽ᠪᠥᠬᠦ ᠬᠤᠰᠢᠭᠤᠨ ᠤ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ  ᠪᠣᠯᠬᠢᠴᠢᠯᠠᠵᠤ ᠠᠷᠠᠯᠵᠢᠶᠠᠴᠢᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠬᠠᠢ ᠬᠡᠷᠡᠭᠵᠢᠭᠦᠯᠬᠦ ᠲᠥᠰᠥᠯ︾ ᠢ ᠤᠯᠠᠮᠵᠢᠯᠠᠨ ᠰᠤᠷᠤᠯᠴᠠᠪᠠ︔ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠬᠡᠷᠡᠭ ᠤᠨ ᠵᠢᠱᠢᠶ᠎ᠡ ᠪᠠᠷ  ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠪᠣᠯᠣᠨ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠭᠦᠨᠵᠡᠭᠡᠢ ᠰᠤᠷᠤᠯᠴᠠᠪᠠ︔ ︽ᠬᠤᠶᠠᠷᠴᠢᠯᠠᠬᠤ︾ ᠠᠰᠠᠭᠤᠳᠠᠯ ᠢ ᠲᠥᠪᠯᠡᠷᠡᠭᠦᠯᠦᠨ ᠵᠠᠰᠠᠬᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ᠪᠦᠬᠦ ᠨᠠᠮ ᠤᠨ ᠭᠡᠰᠢᠭᠦᠳ ᠬᠠᠮᠲᠤ ᠪᠠᠷ ᠢᠶᠠᠨ ︽ᠠᠷᠪᠠᠨ ᠨᠢᠭᠡ ᠶᠢ ᠴᠢᠩᠭ᠎ᠠ ᠴᠠᠭᠠᠵᠠᠯᠠᠬᠤ︾ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号