ᠪᠦᠦ ᠯᠦᠩ ᠠᠷᠤ ᠬᠦᠨᠳᠡᠯᠡᠨ ᠪᠠᠯᠭᠠᠰᠤᠨ ᠳᠤ ᠬᠦᠷᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/5/10
    5 ᠰᠠᠷ᠎ᠠ ᠶᠢᠨ 9 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠪᠦᠦ ᠯᠦᠩ ᠠᠷᠤ ᠬᠥᠨᠳᠡᠯᠡᠨ ᠪᠠᠯᠭᠠᠰᠤᠨ ᠳᠤ ᠬᠦᠷᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠶᠢᠴᠠᠭᠠᠨ ᠵᠢᠯᠣᠭᠤᠳᠪᠠ᠃ ᠪᠦᠦ ᠯᠦᠩ ᠬᠠᠮᠲᠤ ᠶᠠᠪᠣᠭᠰᠠᠳ  ᠲᠠᠢ ᠪᠠᠨ ᠤᠷᠢᠳ ᠬᠤᠵᠢᠳ ᠪᠠᠯᠭᠠᠰᠤᠨ ᠤ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ︾ ᠠᠵᠢᠯᠯᠠᠭᠠᠨ ᠤ ᠲᠠᠰᠤᠭ ᠲᠤ ᠬᠦᠷᠴᠦ᠂ ᠬᠤᠷᠠᠯ ᠲᠡᠭᠦᠰᠦᠭᠰᠡᠨ ᠬᠤᠭᠤᠴᠠᠭᠠᠨ ᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ᠶᠢᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ᠂ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠥᠭᠴᠦ ᠲᠣᠭᠲᠠᠭᠠᠬᠤ ᠳᠦᠷᠢᠮ ᠢ ᠬᠡᠷᠡᠭᠵᠢᠭᠦᠯᠦᠭᠰᠡᠨ ᠠᠵᠢᠯ ᠢ ᠪᠠᠶᠢᠴᠠᠭᠠᠨ ᠵᠢᠯᠤᠭᠤᠳᠬᠤ ᠶᠢᠨ ᠬᠠᠮᠲᠤ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ︾ ᠶᠢ ᠵᠢᠷᠤᠮᠵᠢᠭᠤᠯᠤᠨ ᠪᠠᠶᠢᠭᠤᠯᠬᠤ᠂ ᠲᠥᠯᠥᠭᠡᠯᠡᠭᠴᠢ ᠶᠢᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠵᠡᠷᠭᠡ ᠠᠭᠤᠯᠭ᠎ᠠ ᠶᠢᠨ ᠲᠤᠬᠠᠢ ᠵᠢᠯᠤᠭᠤᠳᠬᠤ ᠰᠠᠨᠠᠯ ᠳᠤᠷᠠᠳᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号