ᠵᠠᠷᠤᠳ ᠬᠤᠰᠢᠭᠤ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠤᠬᠠᠭᠤᠯᠭ᠎ᠠ ᠶᠢᠨ ᠭᠡᠰᠢᠭᠦᠨ ᠤ ᠬᠤᠶᠠᠳᠤᠭᠠᠷ ᠤᠳᠠᠭᠠᠨ ᠤ ᠲᠣᠰᠢᠶᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2022/5/11
     5 ᠰᠠᠷ᠎ᠠ ᠶᠢᠨ 10 ᠤ ᠡᠳᠦᠷ᠂ ᠵᠠᠷᠤᠳ ᠬᠤᠰᠢᠭᠤ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠣᠬᠠᠭᠤᠯᠭ᠎ᠠ ᠶᠢᠨ ᠭᠡᠰᠢᠭᠦᠨ ᠤ ᠬᠤᠶᠠᠳᠤᠭᠠᠷ ᠤᠳᠠᠭᠠᠨ ᠤ ᠲᠣᠰᠢᠶᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠣᠣ ᠼᠠᠢ ᠶᠠᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠤᠳᠤᠷᠢᠳᠬᠤ ᠪᠠᠭ ᠵᠢᠴᠢ ᠡᠯ᠎ᠡ ᠰᠤᠮᠤ ᠪᠠᠯᠭᠠᠰᠤ ᠲᠠᠯᠠᠪᠠᠶ᠂ ᠯᠦᠪᠸᠢ ᠵᠡᠭᠡᠯᠢ ᠭᠤᠳᠤᠮᠵᠢ ᠶᠢᠨ ᠤᠬᠠᠭᠤᠯᠬᠤ ᠭᠡᠰᠢᠭᠦᠨ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤ ᠲᠠᠯᠠᠪᠠᠶ᠂ ᠯᠦᠪᠸᠢ ᠵᠡᠭᠡᠯᠢ ᠭᠤᠳᠤᠮᠵᠢ ᠶᠢᠨ ᠣᠬᠠᠭᠤᠯᠭ᠎ᠠ ᠶᠢᠨ ᠭᠡᠰᠢᠭᠦᠨ ᠲᠣᠰᠢᠶᠠᠯ ᠤᠨ ᠬᠠᠷᠢᠭᠤ ᠮᠡᠳᠡᠭᠦᠯᠦᠯᠲᠡ ᠬᠢᠵᠦ᠂ ᠶᠣᠣ ᠼᠠᠢ ᠶᠠᠨ ᠲᠣᠰᠢᠶᠠᠯ ᠤᠨ ᠬᠠᠷᠢᠭᠤ ᠮᠡᠳᠡᠭᠦᠯᠦᠯᠲᠡ ᠶᠢᠨ ᠪᠠᠶᠢᠳᠠᠯ ᠢ ᠨᠢᠭᠡᠳ ᠨᠢᠭᠡ ᠪᠠᠷ ᠦᠨᠡᠯᠡᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠡᠯ᠎ᠡ ᠳᠡᠳ᠋ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠶᠡᠷᠦᠩᠬᠡᠶᠢᠯᠡᠭᠰᠡᠨ ᠦᠨᠡᠯᠡᠯᠲᠡ ᠬᠢᠪᠡ᠃
   ᠶᠣᠣ ᠼᠠᠢ ᠶᠠᠨ ᠵᠢᠭᠠᠪᠣᠷᠢᠯᠠᠭᠰᠠᠨ ᠨᠢ᠂ ᠣᠶᠢᠷ᠎ᠠ ᠶᠢᠨ ᠨᠢᠭᠡ ᠬᠤᠭᠤᠴᠠᠭᠠᠨ ᠳᠤ᠂ ᠡᠯ᠎ᠡ ᠭᠠᠵᠠᠷ ᠣᠷᠣᠨ ᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠤᠳᠠᠭ᠎ᠠ ᠳᠠᠷᠠᠭ᠎ᠠ ᠪᠠ ᠴᠢᠨᠠᠷ ᠴᠢᠨᠰᠠᠭ᠎ᠠ ᠳᠡᠭᠡᠭᠰᠢᠯᠡᠯᠲᠡ ᠲᠠᠢ ᠪᠣᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠶᠢᠨ ᠦᠢᠯᠡᠳᠦᠯ ᠢ ᠰᠠᠶᠢᠨ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠳᠡᠭᠡᠭᠰᠢ ᠮᠡᠳᠡᠭᠦᠯᠦᠭᠰᠡᠨ ᠰᠣᠨᠢᠨ ᠮᠡᠳᠡᠭᠡᠨ ᠤ ᠰᠣᠩᠭᠤᠭᠰᠠᠨ ᠰᠡᠳᠦᠪ᠂ ᠰᠦᠯᠵᠢᠶᠡᠨ ᠤ ᠦᠨᠡᠯᠡᠯᠲᠡ ᠶᠢᠨ ᠵᠣᠬᠢᠶᠠᠯ᠂ ᠲᠣᠰᠢᠶᠠᠯ ᠤᠨ ᠬᠠᠷᠢᠭᠤ ᠮᠡᠳᠡᠭᠡ ᠵᠠᠩᠭᠢ᠂ ᠰᠠᠶᠢᠨ ᠬᠥᠮᠥᠨ ᠤ ᠰᠠᠶᠢᠨ ᠦᠶᠯᠡ ᠠᠵᠢᠯᠯᠠᠭ᠎ᠠ ᠶᠢᠨ ᠮᠠᠲ᠋ᠧᠷᠢᠶᠠᠯ ᠵᠡᠷᠭᠡ  ᠨᠢ ᠴᠦ ᠴᠠᠭ ᠲᠠᠭᠠᠨ ᠲᠣᠬᠢᠷᠠᠵᠤ᠂ ᠲᠣᠰᠢᠶᠠᠯ ᠤᠨ ᠬᠠᠷᠢᠭᠤ ᠡᠬᠢᠯᠡᠯᠲᠡ ᠰᠠᠶᠢᠨ᠂ ᠠᠬᠢᠴᠠ ᠡᠮᠬᠢ ᠵᠢᠷᠤᠮ ᠲᠠᠢ᠂ ᠰᠠᠶᠢᠰᠢᠶᠠᠭᠤᠰᠢᠲᠠᠢ ᠪᠠᠶᠢᠨ᠎ᠠ᠃ ᠨᠠᠷᠢᠨ ᠪᠤᠳᠤᠯᠢᠶᠠᠨᠲᠠᠢ ᠪᠠᠶᠢᠳᠠᠯ ᠪᠣᠯᠣᠨ ᠬᠦᠨᠳᠦ ᠨᠦᠰᠡᠷ ᠠᠵᠢᠯ ᠡᠭᠦᠷᠭᠡ ᠶᠢᠨ ᠡᠮᠦᠨ᠎ᠡ᠂ ᠡᠯ᠎ᠡ ᠣᠬᠠᠭᠤᠯᠭ᠎ᠠ ᠶᠢᠨ ᠭᠡᠰᠢᠭᠦᠳ ᠳᠠᠳᠬᠠᠯ ᠰᠡᠳᠬᠢᠬᠦᠢ ᠠᠴᠠ ᠪᠠᠨ ᠳᠠᠪᠠᠵᠤ᠂ ᠣᠶᠢᠯᠠᠭᠠᠭᠳᠠᠬᠤᠨ ᠤ ᠲᠠᠯ᠎ᠠ ᠪᠠᠷ ᠰᠢᠨ᠎ᠡ ᠶᠢ ᠡᠭᠦᠳᠬᠦ᠂ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠬᠦ᠂ ᠦᠨᠳᠦᠰᠦᠨ ᠱᠠᠲᠤᠨ ᠤ ᠲᠣᠰᠢᠶᠠᠯ ᠤᠨ ᠬᠠᠷᠢᠭᠤ ᠲᠠᠯ᠎ᠠ ᠪᠠᠷ ᠰᠢᠨ᠎ᠡ ᠶᠢ ᠡᠭᠦᠳᠬᠦ ᠶᠢ ᠳᠣᠪᠤᠶᠢᠯᠭᠠᠵᠤ᠂ ᠣᠨ ᠤ ᠭᠤᠣᠯᠳᠠᠯᠭ᠎ᠠ ᠲᠠᠢ ᠲᠣᠰᠢᠶᠠᠯ ᠤᠨ ᠬᠠᠷᠢᠭᠤ ᠡᠭᠦᠷᠭᠡ ᠪᠠᠨ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠭᠦᠷᠭᠡ ᠶᠢᠨ ᠨᠠᠷᠢᠨ ᠳᠠᠩᠰᠠ ᠪᠠᠨ ᠵᠢᠭᠰᠠᠭᠠᠨ᠂ ᠬᠠᠷᠠᠯᠲᠠ ᠶᠢᠨ ᠱᠠᠭᠠᠷᠳᠠᠯᠭ᠎ᠠ ᠪᠠ ᠪᠡᠶᠡᠯᠡᠭᠦᠯᠬᠦ ᠴᠠᠭ ᠤᠨ ᠬᠢᠵᠠᠭᠠᠷ ᠢᠶᠠᠨ ᠲᠣᠭᠲᠠᠭᠠᠨ᠂ ᠴᠠᠭ ᠲᠤᠬᠠᠢ  ᠳᠤᠨᠢ ᠲᠠᠩᠰᠠ ᠬᠠᠷᠭᠤᠭᠤᠯᠵᠤ ᠳ᠋ᠤᠭᠠᠷ ᠬᠠᠰᠤᠵᠤ᠂ ᠣᠷᠳᠣ ᠬᠤᠭᠤᠴᠠᠭ᠎ᠠ ᠪᠠᠷ ᠠᠬᠢᠭᠤᠯᠬᠤ ᠴᠢᠬᠤᠯᠠᠲᠠᠢ ᠠᠵᠢᠯ ᠳᠤ ᠰᠠᠷ᠎ᠠ ᠪᠦᠷᠢ ᠰᠢᠨ᠎ᠡ ᠠᠬᠢᠴᠠ ᠲᠠᠢ᠂ ᠤᠯᠠᠷᠢᠯ ᠪᠦᠷᠢ ᠳᠤ ᠰᠢᠨ᠎ᠡ ᠬᠤᠪᠢᠷᠠᠯᠲᠠ ᠲᠠᠢ ᠪᠠᠶᠢᠬᠤ ᠶᠢ ᠪᠠᠲᠤᠯᠠᠵᠤ᠂ ᠵᠢᠯ ᠤᠨ ᠡᠴᠦᠰ ᠪᠣᠯᠬᠤ ᠳᠤ ᠰᠢᠨ᠎ᠡ ᠦᠷ᠎ᠡ ᠪᠦᠲᠦᠭᠡᠯ ᠲᠠᠢ ᠪᠠᠶᠢᠬᠤ ᠬᠡᠷᠡᠭᠲᠡᠢ ᠭᠡᠪᠡ᠃
   ᠶᠣᠣ ᠼᠠᠢ ᠶᠠᠨ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠪᠠᠶᠢᠭᠤᠯᠤᠯᠲᠠ ᠶᠢᠨ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠢᠭᠡᠳᠦᠯᠲᠡᠢ ᠲᠥᠯᠥᠪᠵᠢᠭᠦᠯᠦᠨ ᠨᠢᠭᠡᠳᠦᠯᠲᠡᠢ ᠪᠠᠶᠢᠷᠢᠯᠠᠭᠤᠯᠵᠤ᠂ ᠨᠢᠭᠡᠨ ᠭᠤᠣᠯ ᠰᠢᠵᠢᠮ ᠢ ᠳᠣᠪᠣᠶᠢᠯᠠᠭᠠᠬᠤ ᠶᠢ ᠴᠢᠩᠭ᠎ᠠ ᠨᠠᠶᠢᠳᠠᠪᠤᠷᠢᠵᠢᠭᠤᠯᠬᠤ᠂ ᠲᠤᠬᠠᠶᠢᠯᠠᠪᠠᠯ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ᠂ ᠤᠬᠠᠭᠤᠯᠬᠤ᠂ ᠲᠣᠣᠱᠯᠠᠭᠤᠯᠬᠤ︔ ᠨᠢᠭᠡᠨ ᠤᠯᠠᠭᠠᠨ ᠱᠤᠭᠤᠮ ᠢ ᠲᠣᠣᠱᠯᠠᠭᠤᠯᠬᠤ᠂ ᠲᠤᠬᠠᠶᠢᠯᠠᠪᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ︔ ᠨᠢᠭᠡ ᠵᠠᠷᠴᠢᠮ ᠢ ᠡᠵᠡᠮᠳᠡᠬᠦ᠂ ᠲᠤᠬᠠᠶᠢᠯᠠᠪᠠᠯ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠡᠭᠦᠷᠭᠡ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠮᠠᠭᠲᠠ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠲᠠᠪᠣᠷᠢᠵᠢᠭᠤᠯᠬᠤ ᠬᠡᠷᠡᠭᠲᠡᠢ᠃ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠣᠨᠴᠠᠭᠠᠶᠢᠯᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠰᠤᠷᠣᠯᠴᠠᠯᠭ᠎ᠠ ᠪᠠᠨ ᠴᠢᠩᠭᠠᠳᠬᠠᠵᠤ᠂ ︽ᠤᠯᠤᠰ ᠲᠦᠷᠦ ᠶᠢᠨ ᠲᠠᠯ᠎ᠠ ᠪᠠᠷ ᠥᠨᠳᠥᠷ ᠪᠠᠷᠢᠮᠵᠢᠶ᠎ᠠ᠂ ᠦᠵᠡᠯ ᠰᠠᠨᠠᠭᠠᠨ ᠤ ᠲᠠᠯ᠎ᠠ ᠪᠠᠷ ᠥᠨᠳᠥᠷ ᠲᠦᠪᠰᠢᠨ ᠲᠠᠢ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠥᠨᠳᠥᠷ  ᠬᠢᠷᠢ ᠬᠡᠮᠵᠢᠶ᠎ᠡ ᠲᠠᠢ᠂ ᠲᠣᠰᠢᠶᠠᠯ ᠤᠨ ᠬᠠᠷᠢᠭᠤ ᠲᠠᠯ᠎ᠠ ᠪᠠᠷ ᠥᠨᠳᠥᠷ ᠦᠷ᠎ᠡ ᠪᠦᠲᠦᠮᠵᠢ ᠲᠠᠢ︾ ᠪᠠᠶᠢᠬᠤ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠵᠢᠷᠤᠮᠵᠢᠭᠤᠯᠵᠤ᠂ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠦᠵᠡᠯ ᠰᠠᠨᠠᠭᠠᠨ ᠤ ᠪᠠᠶᠢᠭᠤᠯᠤᠯᠲᠠ ᠶᠢᠨ ᠲᠠᠯ᠎ᠠ ᠪᠠᠷ ᠲᠠᠬᠢᠨ ᠰᠢᠨ᠎ᠡ ᠲᠦᠪᠰᠢᠨ ᠳᠤ ᠬᠦᠷᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠪᠡ᠃
   ᠶᠣᠣ ᠼᠠᠢ ᠶᠠᠨ ᠱᠠᠭᠠᠷᠳᠠᠭᠰᠠᠨ ᠨᠢ᠂ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠲᠣᠰᠢᠶᠠᠯ ᠤᠨ ᠬᠠᠷᠢᠭᠤ ᠬᠠᠷᠢᠭᠤᠴᠠᠯᠭ᠎ᠠ ᠶᠢᠨ ᠳᠥᠷᠢᠮ ᠢ ᠴᠢᠩᠭ᠎ᠠ ᠨᠠᠶᠢᠲᠠᠪᠣᠷᠢᠵᠢᠣᠭᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠠᠮ ᠤᠨ ᠪᠠᠶᠢᠭᠤᠯᠤᠯᠲᠠ ᠶᠢᠨ ᠲᠣᠰᠢᠶᠠᠯ ᠤᠨ ᠬᠠᠷᠢᠭᠤ ᠴᠢᠬᠤᠯᠠ ᠠᠭᠤᠯᠭ᠎ᠠ ᠳᠤ ᠣᠷᠣᠭᠤᠯᠵᠤ᠂ ᠤᠳᠤᠷᠢᠳᠬᠤ ᠪᠠᠭ ᠪᠣᠯᠣᠨ ᠤᠳᠤᠷᠢᠳᠬᠤ ᠪᠠᠭ ᠤᠨ ᠭᠡᠰᠢᠭᠦᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ᠂ ᠲᠣᠰᠢᠶᠠᠯ ᠤᠨ ᠬᠠᠷᠢᠭᠤ ᠮᠡᠳᠡᠭᠦᠯᠦᠯᠲᠡ ᠳᠤ ᠣᠷᠣᠭᠤᠯᠵᠤ᠂ ᠦᠵᠡᠯ ᠰᠠᠨᠠᠭᠠᠨ ᠤ ᠪᠠᠶᠢᠭᠤᠯᠤᠯᠲᠠ ᠶᠢᠨ ᠠᠵᠢᠯ ᠢ ᠴᠢᠩᠭ᠎ᠠ ᠠᠳᠬᠤᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠯᠠᠬᠤ ᠠᠷᠭ᠎ᠠ ᠪᠣᠯᠣᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠴᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠲᠣᠰᠢᠶᠠᠯ ᠤᠨ ᠬᠠᠷᠢᠭᠤ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠣᠰᠢᠶᠠᠯ ᠤᠨ ᠬᠠᠷᠢᠭᠤ ᠡᠷᠴᠢᠮ ᠢᠶᠠᠨ ᠴᠢᠩᠭᠠᠷᠠᠭᠤᠯᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠣᠨ ᠤ ᠬᠢᠨᠠᠨ ᠰᠢᠯᠭᠠᠬᠤ ᠬᠠᠷᠠᠯᠲᠠ ᠳᠤ ᠦᠨᠡᠨ ᠬᠦ ᠣᠷᠣᠭᠤᠯᠵᠤ᠂ ᠪᠦᠬᠦ ᠵᠢᠯ ᠤᠨ ᠠᠵᠢᠯ ᠲᠠᠢ ᠬᠠᠮᠲᠤ ᠪᠠᠷ ᠪᠠᠶᠢᠷᠢᠯᠠᠭᠤᠯᠵᠤ᠂ ᠬᠠᠮᠲᠤ ᠪᠠᠷ ᠨᠠᠶᠢᠳᠠᠪᠤᠷᠢᠵᠢᠭᠤᠯᠵᠤ᠂ ᠬᠠᠮᠲᠤ ᠪᠠᠷ ᠬᠢᠨᠠᠨ ᠰᠢᠯᠭᠠᠬᠤ ᠬᠡᠷᠡᠭᠲᠡᠢ᠃ ᠤᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ ᠪᠠᠶᠠᠯᠢᠭᠵᠢᠭᠤᠯᠬᠤ ᠠᠷᠭ᠎ᠠ ᠬᠡᠯᠪᠡᠷᠢ ᠶᠢ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠨᠡᠶᠢᠭᠡᠮ ᠤᠨ ᠰᠣᠶᠣᠯ ᠤᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠨᠠᠮ ᠤᠨ ᠵᠣᠷᠢᠭ ᠰᠠᠨᠠᠭ᠎ᠠ ᠶᠢ ᠬᠦᠳᠡᠭᠡ ᠲᠣᠰᠬᠤᠨ ᠮᠠᠯᠵᠢᠬᠤ ᠣᠷᠣᠨ ᠳᠤ ᠬᠦᠷᠭᠡᠵᠦ᠂ ᠠᠷᠠᠳ ᠤᠯᠠᠨ ᠤ ᠰᠡᠳᠬᠢᠯ ᠳᠤ ᠬᠦᠷᠭᠡᠬᠦ ᠬᠡᠷᠡᠭᠲᠡᠢ᠃ ᠰᠠᠨᠠᠭᠠᠴᠢᠯᠠᠭᠠᠲᠤ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠡᠭᠦᠷᠭᠡᠯᠡᠵᠦ᠂ ᠲᠣᠰᠢᠶᠠᠯ ᠤᠨ ᠬᠠᠷᠢᠭᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠣᠰᠢᠶᠠᠯ ᠤᠨ ᠬᠠᠷᠢᠭᠤ ᠴᠢᠨᠠᠷ ᠴᠢᠨᠰᠠᠭ᠎ᠠ ᠪᠠᠨ ᠦᠨᠡᠨᠬᠦ ᠳᠡᠭᠡᠭᠰᠢᠯᠡᠭᠦᠯᠵᠦ᠂ ᠵᠠᠷᠣᠳ ᠤᠨ ᠦᠯᠢᠭᠡᠷ ᠢ ᠰᠠᠶᠢᠲᠤᠷ ᠶᠠᠷᠢᠵᠤ᠂ ᠵᠠᠷᠣᠳ ᠤᠨ ᠲᠠᠭᠤᠨ ᠢ ᠰᠠᠶᠢᠲᠤᠷ ᠳᠠᠮᠵᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号