| ᠬᠥᠳᠡᠭᠡ ᠲᠣᠰᠬᠤᠨ ᠲᠣᠭᠲᠠᠭᠤᠨ ᠪᠠᠶᠢᠪᠠᠯ ᠰᠠᠭᠤᠷᠢ ᠲᠣᠭᠲᠠᠭᠤᠨ᠂ ᠨᠡᠶᠢᠭᠡᠮ ᠠᠮᠤᠷ ᠲᠦᠪᠰᠢᠨ ᠪᠠᠶᠢᠪᠠᠯ | ᠠᠯᠢᠪᠠ ᠦᠢᠯᠡᠰ ᠬᠥᠭᠵᠢᠨ ᠮᠠᠨᠳᠤᠨ᠎ᠠ᠃ ᠠᠮᠤᠷ ᠠᠮᠤᠭᠤᠯᠠᠩ ᠤᠨ ᠪᠠᠶᠢᠭᠤᠯᠤᠯᠲᠠ ᠶᠢ ᠠᠬᠢᠭᠤᠯᠬᠤ ᠭᠤᠣᠯ ᠬᠦᠴᠦᠨ | ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠲᠣᠭᠲᠠᠭᠤᠨ ᠢᠶᠠᠷ ᠬᠥᠭᠵᠢᠬᠦ ᠶᠢ ᠬᠠᠮᠠᠭᠠᠯᠠᠬᠤ ᠴᠢᠬᠤᠯᠠ ᠬᠦᠴᠦᠨ | ᠪᠣᠯᠤᠭᠰᠠᠨ ᠤ ᠬᠤᠪᠢ ᠳᠤ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠢᠨ ᠰᠢᠨ᠎ᠡ ᠴᠠᠭ | ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠢᠮᠠᠭᠲᠠ ᠪᠠᠷᠢᠮᠲᠠᠯᠠᠨ ᠬᠥᠭᠵᠢᠭᠦᠯᠵᠦ᠂ ᠤᠷᠤᠭᠰᠢ ᠨᠢᠭᠡ | ᠠᠯᠬᠤᠮ ᠶᠠᠪᠤᠵᠦ᠂ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ᠂ ᠬᠥᠳᠡᠭᠡ ᠲᠣᠰᠬᠤᠨ ᠤ ᠴᠠᠭᠳᠠᠭᠠᠨ ᠤ | ᠶᠠᠪᠤᠳᠠᠯ ᠤᠨ ᠵᠠᠭᠪᠤᠷ ᠤᠨ ᠰᠢᠨ᠎ᠡ ᠶᠢ ᠡᠭᠦᠳᠬᠦ ᠶᠢ ᠰᠢᠰᠲ᠋ᠧᠮ ᠤᠨ ᠴᠢᠨᠠᠷᠲᠠᠢ ᠢᠨᠵᠧᠨᠧᠷᠢᠩ ᠪᠣᠯᠭᠠᠵᠤ᠂ ᠬᠢᠵᠢᠭ ᠢ | ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠷᠠᠳ ᠤᠨ | ᠠᠮᠢᠳᠤᠷᠠᠯ ᠳᠤ ᠦᠢᠯᠡᠴᠢᠯᠡᠬᠦ ᠵᠡᠷᠭᠡ ᠶᠢ ᠨᠢᠭᠡ ᠴᠤᠭᠴᠠᠵᠢᠭᠤᠯᠬᠤ ᠶᠢ ᠨᠢᠭᠡᠳᠦᠯᠲᠡᠢ ᠲᠥᠯᠥᠪᠯᠡᠵᠦ᠂ ︽ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠬᠠᠮᠲᠤ ᠪᠠᠷ | ᠪᠠᠶᠢᠭᠤᠯᠵᠤ ᠬᠠᠮᠲᠤ ᠪᠠᠷ ᠵᠠᠰᠠᠬᠤ᠂ ᠴᠠᠭᠳᠠᠭᠠᠨ ᠤ ᠶᠠᠪᠤᠳᠠᠯ ᠢ ᠡᠮᠤᠨᠡᠰᠢᠭᠦᠯᠬᠦ︾ ᠬᠥᠳᠡᠭᠡ ᠲᠣᠰᠬᠤᠨ ᠤ | ᠴᠠᠭᠳᠠᠭᠠᠨ ᠤ ᠶᠠᠪᠤᠳᠠᠯ ᠤᠨ ᠰᠢᠨ᠎ᠡ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠤᠮᠠᠷᠠᠲᠤ ᠬᠢᠯᠢ ᠶᠢᠨ ᠣᠨᠴᠠᠯᠢᠭ ᠲᠠᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠠᠷᠠᠲᠤ ᠲᠥᠷᠥᠯ ᠲᠡᠮᠳᠡᠭᠲᠦ ᠶᠢᠨ ᠬᠡᠪ ᠵᠠᠭᠪᠤᠷ ᠢ ᠪᠣᠶ | ᠪᠣᠯᠭᠠᠬᠤ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠤ ᠵᠣᠯ ᠵᠢᠷᠭᠠᠯᠲᠤ ᠰᠡᠳᠭᠢᠯᠭᠡ᠂ ᠡᠩᠬᠡ ᠲᠠᠶᠢᠪᠤᠩ ᠪᠤᠳᠤᠯ | ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠭᠦᠯᠪᠡ᠃ | | ᠨᠠᠮ ᠤᠨ ᠪᠠᠶᠢᠭᠤᠯᠤᠯᠲᠠ ᠬᠥᠳᠡᠭᠡ ᠲᠣᠰᠬᠤᠨ ᠤ ᠵᠠᠰᠠᠯᠲᠠ ᠶᠢ ᠬᠥᠲᠥᠯᠥᠨ ᠳᠠᠭᠠᠭᠤᠯᠵᠤ ᠰᠡᠳᠬᠢᠯ ᠢᠶᠠᠨ | ᠨᠢᠭᠲᠠᠷᠠᠭᠤᠯᠤᠨ ᠬᠦᠴᠦᠨ ᠢᠶᠠᠨ ᠲᠦᠪᠯᠡᠷᠡᠭᠦᠯᠤᠨ ᠠᠷᠠᠳ ᠲᠤ ᠤᠶᠢᠯᠡᠴᠢᠯᠡᠪᠡ | | ︽ᠲᠠ ᠨᠠᠷ ᠤᠨ ᠠᠴᠢ ᠪᠠᠷ ᠠᠯᠳᠠᠭᠰᠠᠨ ᠬᠤᠨᠢ ᠪᠠᠨ ᠡᠷᠢᠵᠦ ᠣᠯᠣᠯ᠎ᠠ᠂ ᠦᠨᠡᠬᠡᠷ ᠶᠡᠭᠡ ᠪᠠᠶᠠᠷᠯᠠᠵᠦ ᠪᠠᠶᠢᠨ᠎ᠠ | ︾ ᠭᠡᠵᠦ 4 ᠰᠠᠷ᠎ᠠ ᠶᠢᠨ 25 ᠤ ᠡᠳᠦᠷ᠂ ᠭᠠᠳᠠᠰᠤ ᠲᠣᠰᠬᠤᠨ ᠤ ᠠᠷᠠᠳ ᠵᠤᠤ ᠭᠤᠸᠠᠢ ᠲᠣᠮᠢᠯᠠᠭᠰᠠᠨ | ᠰᠠᠯᠪᠤᠷᠢ ᠶᠢᠨ ᠴᠠᠭᠳᠠᠭ᠎ᠠ ᠶᠢᠨ ᠭᠠᠷ ᠢ ᠠᠳᠬᠤᠨ ᠲᠠᠰᠤᠷᠠᠯᠲᠠ ᠦᠭᠡᠢ ᠲᠠᠯᠠᠷᠬᠠᠵᠦ ᠪᠠᠶᠢᠪᠠ᠃ ᠤᠤᠯ ᠨᠢ᠂ ᠵᠤᠤ | ᠭᠤᠸᠠᠢ ᠶᠢᠨ ᠬᠢᠨ ᠡᠮᠦᠨᠡᠬᠡᠨ 210 ᠬᠤᠨᠢ ᠪᠠᠨ ᠠᠯᠳᠠᠵᠠᠢ᠂ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ | ᠶᠠᠪᠠᠭᠠᠨ ᠢᠶᠠᠷ 20 ᠭᠠᠷᠤᠢ ᠭᠠᠵᠠᠷ ᠶᠠᠪᠤᠵᠤ᠂ ᠨᠢᠭᠡᠨ ᠮᠠᠯᠵᠢᠯ ᠤᠨ ᠲᠠᠯᠠᠪᠠᠢ ᠶᠢᠨ ᠠᠭᠤᠯᠠᠨ ᠬᠥᠲᠥᠯ ᠠᠴᠠ 210 | ᠬᠤᠨᠢ ᠶᠢ ᠨᠢ ᠡᠷᠢᠵᠦ ᠣᠯᠣᠭᠠᠳ᠂ ᠠᠯᠳᠠᠭᠰᠠᠨ ᠬᠤᠨᠢ ᠶᠢ ᠨᠢ ᠨᠢᠭᠡ ᠴᠦ ᠲᠤᠳᠠᠭᠤ ᠦᠭᠡᠢ ᠪᠠᠷ ᠵᠤᠤ ᠭᠤᠸᠠᠢ ᠳᠤ | ᠪᠤᠴᠠᠭᠠᠵᠤ ᠦᠭᠪᠡ᠃ ᠠᠯᠳᠠᠭᠰᠠᠨ ᠬᠤᠨᠢᠨ ᠰᠦᠷᠦᠭ ᠢᠶᠠᠨ ᠣᠯᠵᠤ ᠦᠵᠡᠭᠡᠳ ᠵᠣᠣ ᠭᠤᠸᠠᠢ ᠶᠢᠨ ᠪᠠᠶᠠᠷ ᠤᠨ | ᠰᠡᠳᠬᠢᠯᠭᠡ ᠨᠢ ᠦᠭᠡ ᠪᠠᠷ ᠢᠯᠡᠳᠬᠡᠬᠦ ᠶᠢᠨ ᠠᠷᠭ᠎ᠠ ᠦᠭᠡᠢ ᠪᠠᠶᠢᠯ᠎ᠠ᠃ ᠡᠨᠡ ᠪᠣᠯ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠶᠢᠨ ᠦᠨᠳᠦᠰᠦᠨ ᠱᠠᠲᠤᠨ ᠤ ᠠᠷᠠᠳ ᠤᠯᠠᠨ ᠳᠤ ᠤᠶᠢᠯᠡᠴᠢᠯᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠬᠠᠮᠠᠭᠠᠯᠠᠵᠦ ᠪᠠᠶᠢᠭ᠎ᠠ ᠶᠢᠨ ᠬᠤᠷᠢᠶᠠᠩᠭᠤᠢ ᠳᠦᠷᠰᠦ ᠪᠣᠯᠣᠨ᠎ᠠ᠃ | | ᠬᠥᠳᠡᠭᠡ ᠲᠣᠰᠬᠤᠨ ᠤ ᠴᠠᠭᠳᠠᠭᠠᠨ ᠤ ᠶᠠᠪᠤᠳᠠᠯ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠴᠠᠭᠳᠠᠭᠠᠨ ᠤ ᠶᠠᠪᠤᠳᠠᠯ ᠢᠶᠠᠨ ᠤᠷᠤᠭᠰᠢ ᠰᠢᠯᠵᠢᠭᠦᠯᠤᠭ᠍ᠰᠡᠨ ᠴᠢᠬᠤᠯᠠ ᠹᠷᠤᠨᠲ ᠮᠦᠨ᠃ ᠣᠶᠢᠷ᠎ᠠ ᠶᠢᠨ ᠵᠢᠯ ᠳᠤ᠂ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠬᠠᠷᠢᠶᠠᠲᠤ ᠤᠷᠤᠨ ᠤ ᠪᠠᠨ | ᠪᠤᠳᠠᠳᠠᠢ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠢᠳᠡᠪᠬᠢᠲᠡᠢ | ᠪᠠᠳᠠᠷᠠᠭᠤᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠰᠡᠳᠬᠢᠬᠦᠢ᠂ ᠰᠢᠨ᠎ᠡ ᠠᠷᠭ᠎ᠠ ᠵᠠᠮ ᠢ ᠲᠠᠰᠤᠷᠠᠯᠲᠠ | ᠦᠭᠡᠢ ᠬᠠᠶᠢᠨ ᠰᠦᠪᠡᠭᠴᠢᠯᠡᠵᠦ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ | ᠰᠢᠯᠤᠭᠤᠨ ᠬᠠᠮᠤᠭ ᠤᠨ ᠪᠣᠳᠠᠲᠠᠢ ᠠᠰᠠᠭᠤᠳᠠᠯ ᠠᠴᠠ ᠭᠠᠷᠳᠠᠵᠤ᠂ ᠬᠥᠳᠡᠭᠡ ᠲᠣᠰᠬᠤᠨ ᠤ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ | ᠰᠢᠢᠳᠪᠦᠷᠢᠯᠡᠬᠦ ᠠᠵᠢᠯ ᠢ ᠴᠢᠩᠭ᠎ᠠ ᠠᠳᠬᠤᠵᠤ᠂ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ | ᠠᠷᠠᠳ ᠲᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠬᠡᠷᠡᠭᠵᠢᠭᠦᠯᠵᠦ᠂ ᠲᠣᠮᠢᠯᠠᠭᠰᠠᠨ ᠰᠠᠯᠪᠤᠷᠢ ᠶᠢᠨ ᠠᠵᠢᠯ ᠢ | ᠥᠭᠡᠷᠡᠴᠢᠯᠡᠨ ᠴᠢᠩᠭᠠᠳᠬᠠᠬᠤ ᠪᠠᠷ ᠲᠦᠰᠢᠭ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠲᠠᠢ | ᠵᠣᠬᠢᠴᠠᠭᠰᠠᠨ ᠴᠠᠭᠳᠠᠭᠠᠨ ᠤ ᠶᠠᠪᠤᠳᠠᠯ ᠤᠨ ᠵᠠᠭᠪᠤᠷ ᠢ ᠳᠠᠰᠤᠷᠠᠯᠳᠠ ᠦᠭᠡᠢ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠳᠠᠭᠠᠨ ᠳᠠᠭᠠᠭᠠᠮᠠᠭᠠᠢ ᠲᠠᠶᠢᠨ ᠢ ᠰᠠᠶᠢᠲᠤᠷ ᠬᠢᠪᠡ᠃ ᠠᠮᠤᠷ | ᠠᠮᠤᠭᠤᠯᠠᠩ ᠤᠨ ᠪᠠᠶᠢᠭᠤᠯᠤᠯᠲᠠ ᠶᠢᠨ ᠭᠤᠣᠯ ᠬᠦᠴᠦᠨ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠬᠢᠨ ᠨᠡᠶᠢᠭᠡᠮ ᠤᠨ ᠶᠡᠷᠦᠩᠬᠡᠶᠢᠯᠡᠨ ᠵᠠᠰᠠᠬᠤ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠬᠤ᠂ ᠰᠢᠨ᠎ᠡ ᠪᠠᠶᠢᠳᠠᠯ ᠤᠨ | ᠳᠣᠣᠷᠠᠬᠢ ᠬᠥᠳᠡᠭᠡ ᠲᠣᠰᠬᠤᠨ ᠤ ᠴᠠᠭᠳᠠᠭᠠᠨ ᠤ ᠶᠠᠪᠤᠳᠠᠯ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠴᠢᠬᠤᠯᠠ ᠢᠨᠵᠧᠨᠧᠷᠢᠩ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠰᠢᠮᠡᠳᠤ ᠤᠰᠤ︾ | ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠠᠷᠢᠭᠤᠴᠠᠯᠭ᠎ᠠ ᠶᠢᠨ ᠲᠠᠷᠢᠶ᠎ᠠ︾ ᠳᠤ ᠤᠷᠤᠭᠤᠯᠪᠠ᠃ | | ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠳᠤᠯ ᠦᠭᠡᠢ ᠬᠥᠭᠵᠢᠭᠦᠯᠵᠦ ᠤᠮᠠᠷᠠᠲᠤ ᠶᠢᠨ ᠠᠮᠢ | ᠠᠬᠤᠢ ᠶᠢᠨ ᠬᠠᠯᠬᠠᠪᠴᠢ ᠶᠢ ᠰᠠᠶᠢᠲᠤᠷ ᠰᠠᠬᠢᠪᠠ | ᠵᠠᠷᠤᠳ ᠬᠤᠰᠢᠭᠤ ︽ᠬᠠᠮᠤᠭ ᠤᠨ ᠭᠤᠶᠣ ᠠᠭᠤᠯᠠᠷᠬᠠᠭ ᠭᠠᠵᠠᠷ ᠤᠨ ᠲᠠᠯ᠎ᠠ ᠨᠤᠲᠤᠭ︾ ᠭᠡᠰᠡᠨ ᠴᠣᠯᠠ ᠲᠠᠢ | ᠂ ᠠᠳᠡᠬᠢ ᠳᠥᠷᠪᠡᠨ ᠤᠯᠠᠷᠢᠯ ᠲᠣᠳᠣᠷᠬᠠᠢ᠂ ᠳᠤᠯᠠᠭᠠᠨ ᠪᠦᠭᠡᠳ ᠴᠢᠭᠢᠭᠯᠢᠭ᠂ ᠲᠤᠩᠭᠠᠯᠠᠭ ᠰᠠᠶᠢᠬᠠᠨ ᠬᠠᠨ | ᠠᠭᠤᠯᠠ ᠶᠢᠨ ᠬᠤᠪᠢᠯᠭᠠᠨ ᠷᠠᠰᠢᠶᠠᠨ ᠨᠢ ᠵᠠᠷᠤᠳ ᠬᠤᠰᠢᠭᠤᠨ ᠤ ᠦᠵᠡᠰᠬᠦᠯᠡᠩᠲᠦ ᠰᠠᠶᠢᠬᠠᠨ ᠠᠭᠤᠯᠠ ᠤᠰᠤ ᠪᠠ | ᠰᠢᠯᠢᠳᠡᠭ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠤᠶᠢᠵᠢᠭᠤᠯᠪᠠ᠃ ᠤᠯᠤᠰ ᠤᠨ ᠳᠡᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠲᠡᠭᠡ ᠶᠢᠨ ᠬᠠᠨ ᠠᠭᠤᠯᠠ ᠲᠠᠢ᠂ ᠠᠯᠳᠠᠨ ᠤᠯᠤᠰ ᠤᠨ ᠪᠤᠷᠤ ᠬᠡᠷᠡᠮ᠂ | ᠯᠢᠶᠣᠤ ᠤᠯᠤᠰ ᠤᠨ ᠦᠶ᠎ᠡ ᠶᠢᠨ ᠰᠣᠶᠣᠯ ᠤᠨ ᠦᠯᠡᠳᠡᠭᠳᠡᠯ ᠠᠭᠤᠢ ᠳ᠋ᠦᠩ᠂ ᠠᠭᠤᠯᠠᠷᠬᠠᠭ ᠭᠠᠵᠠᠷ ᠤᠨ ᠲᠠᠯ᠎ᠠ | ᠨᠤᠲᠤᠭ ᠤᠨ ᠵᠤᠭᠠᠴᠠᠯ ᠤᠨ ᠣᠷᠣᠨ ᠵᠢᠴᠢ ᠬᠤᠸᠠᠩ ᠲᠠᠢ ᠵᠢᠢ ᠪᠣᠯᠣᠨ ᠬᠤᠶᠠᠷᠬᠤᠸᠠ ᠶᠢᠨ ᠨᠤᠭᠤ ᠭᠠᠵᠠᠷ ᠵᠡᠷᠭᠡ | ᠠᠯᠳᠠᠷᠲᠤ ᠦᠵᠡᠮᠵᠢ ᠡᠷᠲᠡᠨ ᠤ ᠬᠠᠭᠤᠴᠢᠳ᠂ ᠤᠢ ᠰᠢᠭᠤᠢ ᠲᠠᠯ᠎ᠠ ᠨᠤᠲᠤᠭ ᠤᠨ ᠨᠡᠶᠢᠲᠡᠯᠢᠭ ᠦᠵᠡᠮᠵᠢ ᠶᠢᠨ | ᠣᠷᠣᠨ ᠲᠠᠢ ᠪᠠᠶᠢᠵᠤ᠂ ᠵᠤᠭᠠᠴᠠᠯ ᠤᠨ ᠦᠢᠯᠡᠰ ᠬᠦᠭᠵᠢᠯᠳᠠᠢ᠂ ᠡᠳᠡᠭᠡᠷ ᠬᠥᠭᠵᠢᠯᠲᠡ ᠶᠢᠨ ᠠᠷᠤ ᠳᠤ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠶᠢᠨ ᠦᠨᠡᠨᠴᠢ ᠰᠢᠳᠤᠷᠭᠤ ᠪᠠᠲᠤ ᠡᠷᠡᠰ ᠰᠠᠬᠢᠯ ᠪᠠ ᠬᠠᠷᠠᠮ ᠦᠭᠡᠢ ᠵᠢᠳᠬᠦᠯ ᠠᠴᠠ | ᠰᠠᠯᠵᠤ ᠴᠢᠳᠠᠬᠤ ᠦᠭᠡᠢ ᠶᠤᠮ᠃ | | ᠣᠶᠢᠷ᠎ᠠ ᠶᠢᠨ ᠵᠢᠯ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠣᠲᠣᠭᠠᠳᠤ ᠶᠢ | ᠬᠠᠮᠠᠭᠠᠯᠠᠬᠤ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠪᠠᠳᠠᠷᠠᠭᠤᠯᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ | ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠮᠠᠭᠲᠠ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠢᠨ᠎ᠡ ᠣᠨᠴᠠᠯᠢᠭ᠂ ᠰᠢᠨ᠎ᠡ ᠬᠠᠨᠳᠤᠰᠢ ᠶᠢᠨ ᠲᠣᠭᠤᠷᠢᠨ ᠳᠤ᠂ | ᠴᠠᠭᠳᠠᠭ᠎ᠠ ᠪᠣᠯᠣᠨ ᠠᠷᠠᠳ ᠤᠨ ᠬᠠᠮᠲᠤᠷᠠᠨ ᠠᠵᠢᠯᠯᠠᠬᠤ ᠲᠣᠭᠲᠠᠴᠠ ᠶᠢ ᠪᠠᠬᠢᠵᠢᠭᠦᠯᠦᠨ ᠴᠢᠩᠭᠠᠳᠬᠠᠵᠤ᠂ ᠬᠤᠷᠴᠠ | ᠰᠡᠯᠡᠮ᠎ᠡ ᠪᠠᠨ ᠢᠮᠠᠭᠳᠠ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠭᠯᠡᠭᠦᠯᠤᠨ | ᠂ ᠬᠥᠬᠡᠮᠳᠦᠭ ᠤᠰᠤ ᠴᠡᠩᠬᠡᠷ ᠣᠭᠲᠠᠷᠭᠤᠢ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ | ᠬᠤᠯᠪᠣᠭᠳᠠᠯ ᠪᠦᠬᠦᠢ ᠠᠵᠢᠯ ᠢ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠤᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ | ᠶᠢ ᠲᠦᠰᠢᠭᠯᠡᠨ᠂ ᠭᠤᠣᠯᠳᠠᠯᠭ᠎ᠠ ᠲᠠᠢ ᠰᠢᠭᠤᠶᠢᠲᠤ ᠣᠷᠣᠨ ᠡᠪᠡᠰᠦᠲᠦ ᠭᠠᠵᠠᠷ ᠢ ᠲᠣᠭᠤᠷᠢᠨ ᠪᠠᠶᠢᠴᠠᠭᠠᠬᠤ ᠪᠠ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠᠨ ᠴᠢᠩᠭᠠᠳᠬᠠᠪᠠ᠂ ᠣᠷᠴᠢᠨ | ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠥᠷᠨᠢᠭᠦᠯᠬᠦ ᠲᠠᠢ ᠬᠠᠮᠵᠢᠯᠴᠠᠨ᠂ ᠪᠣᠬᠢᠷᠳᠤᠯ ᠦᠭᠡᠢ ᠬᠥᠭᠵᠢᠯᠲᠡ ᠶᠢ | ᠪᠠᠷᠢᠮᠲᠠᠯᠠᠵᠤ᠂ ᠦᠨᠡᠨᠴᠢ ᠰᠢᠳᠤᠷᠭᠤ ᠪᠠ ᠪᠠᠲᠤ ᠰᠠᠬᠢᠯᠳᠠ ᠪᠠᠷ ᠬᠥᠬᠡᠮᠳᠦᠭ ᠤᠰᠤ ᠬᠦᠭᠡ ᠠᠭᠤᠯᠠ ᠶᠢᠨ ᠳᠤᠮᠳᠠ | ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠢᠨ᠎ᠡ ᠬᠠᠭᠤᠳᠠᠰᠤ ᠶᠢ ᠪᠢᠴᠢᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠳᠣᠲᠣᠭᠠᠳᠤ ᠶᠢ ᠬᠠᠮᠠᠭᠠᠯᠠᠬᠤ ᠬᠦᠴᠦᠨ ᠢᠶᠠᠨ | ᠨᠡᠮᠡᠷᠢᠯᠡᠪᠡ᠃ | | ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠰᠢᠰᠲ᠋ᠧᠮ ᠢ ᠪᠠᠶᠢᠭᠤᠯᠵᠤ ᠦᠨᠳᠦᠰᠦᠨ | ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠴᠤᠭᠴᠠᠯᠠᠪᠠ | ᠭᠤᠶᠣ ᠰᠠᠶᠢᠬᠠᠨ ᠪᠠᠭ᠎ᠠ ᠲᠣᠭᠤᠷᠢᠭ᠂ ᠡᠶ᠎ᠡ ᠨᠠᠶᠢᠷᠲᠠᠢ ᠬᠥᠷᠰᠢ ᠰᠠᠭᠠᠬᠠᠯᠳᠠ᠂ ᠪᠠᠶᠠᠷ ᠬᠥᠷ ᠲᠠᠢ ᠬᠡᠦᠬᠡᠳ᠂ | ᠰᠤᠯᠠ ᠰᠡᠯᠡᠭᠦᠦ ᠨᠠᠰᠤᠲᠠᠳ ᠁ ᠣᠲᠣ᠂ ᠯᠦᠪᠧᠢ ᠪᠠᠯᠭᠠᠰᠤᠨ ᠤ ᠡᠯ᠎ᠡ ᠵᠡᠭᠡᠯᠢ ᠭᠤᠳᠤᠮᠵᠢ ᠳᠤ᠂ ᠭᠠᠵᠠᠷ | ᠪᠣᠯᠭᠠᠨ ᠳᠤ ᠬᠠᠯᠠᠭᠤᠨ ᠳᠤᠯᠠᠭᠠᠨ ᠡᠶ᠎ᠡ ᠵᠣᠬᠢᠴᠠᠯ ᠲᠠᠢ ᠪᠠᠶᠢᠳᠠᠯ ᠬᠠᠷᠠᠭᠳᠠᠵᠤ ᠪᠠᠶᠢᠨ᠎ᠠ᠂ ᠡᠲᠡᠭᠡᠷ ᠪᠦᠬᠦᠨ ᠨᠢ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠮᠥᠨ ᠢᠶᠠᠷ ᠦᠨᠳᠦᠰᠦ ᠪᠣᠯᠭᠠᠬᠤ᠂ ᠠᠷᠠᠳ ᠤᠨ | ᠠᠮᠢᠳᠤᠷᠠᠯ ᠢ ᠤᠷᠢᠳ ᠢᠶᠠᠷ ᠴᠣᠭᠴᠠᠯᠠᠨ ᠪᠠᠶᠢᠭᠤᠯᠬᠤ ᠶᠢ ᠪᠠᠷᠢᠮᠲᠠᠯᠠᠭᠰᠠᠨ᠂ ᠴᠠᠭᠳᠠᠭ᠎ᠠ ᠨᠡᠶᠢᠭᠡᠮ ᠲᠤᠭᠤᠷᠢᠭ ᠶᠢ | ᠠᠭᠤᠰᠤᠯᠴᠠᠭᠤᠯᠤᠨ ᠵᠢᠷᠤᠮᠵᠢᠭᠤᠯᠤᠨ ᠪᠦᠲᠦᠭᠡᠨ ᠪᠠᠶᠢᠭᠤᠯᠤᠭᠰᠠᠨ ᠴᠠᠭᠳᠠᠭᠠᠨ ᠤ ᠶᠠᠪᠤᠳᠠᠯ ᠤᠨ ᠠᠵᠢᠯ ᠤᠨ | ᠣᠶᠢᠯᠠᠭᠠᠭᠳᠠᠬᠤᠨ ᠠᠴᠠ ᠰᠠᠯᠵᠦ ᠪᠤᠯᠤᠰᠢ ᠦᠭᠡᠢ ᠬᠤᠯᠪᠣᠭ᠎ᠠ ᠲᠠᠢ ᠶᠤᠮ᠃ | ᠨᠡᠶᠢᠭᠡᠮ ᠲᠣᠭᠤᠷᠢᠭ ᠪᠣᠯ ᠨᠡᠶᠢᠭᠡᠮ ᠤᠨ ᠵᠠᠰᠠᠯᠲᠠ ᠶᠢᠨ ᠬᠠᠮᠤᠭ ᠤᠨ ᠪᠠᠭ᠎ᠠ ᠡᠰ ᠪᠠ ᠬᠠᠮᠤᠭ ᠤᠨ ᠪᠠᠭ᠎ᠠ | ᠨᠢᠭᠡᠴᠢ ᠮᠥᠨ᠂ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠪᠣᠯ ᠨᠡᠶᠢᠭᠡᠮ ᠲᠣᠭᠤᠷᠢᠭ ᠤᠨ ᠵᠠᠰᠠᠯᠲᠠ ᠶᠢᠨ | ᠴᠢᠬᠤᠯᠠ ᠪᠦᠷᠢᠯᠳᠦᠭᠦᠨ ᠬᠡᠰᠡᠭ ᠮᠥᠨ᠂ ᠪᠦᠬᠦ ᠳᠣᠲᠣᠭᠠᠳᠤ ᠶᠢ ᠬᠠᠮᠠᠭᠠᠯᠠᠬᠤ ᠠᠵᠢᠯ ᠤᠨ ᠰᠠᠭᠤᠷᠢ ᠮᠥᠨ᠂ ︽ | ᠹᠧᠩᠴᠢᠶᠤᠤ ᠶᠢᠨ ᠲᠤᠷᠰᠢᠯᠭ᠎ᠠ︾ ᠶᠢ ᠨᠠᠶᠢᠳᠠᠪᠤᠷᠢᠵᠢᠭᠤᠯᠤᠭᠰᠠᠨ ︽ᠡᠴᠦᠰ ᠤᠨ ᠨᠢᠭᠡ ᠮᠧᠲᠷ︾ ᠪᠣᠯᠣᠨ᠎ᠠ᠃ | ᠣᠶᠢᠷ᠎ᠠ ᠶᠢᠨ ᠵᠢᠯ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠯ᠎ᠡ ᠨᠡᠶᠢᠭᠡᠮ ᠲᠣᠭᠤᠷᠢᠭ ᠤᠨ | ᠠᠳᠠᠯᠢ ᠪᠤᠰᠤ ᠣᠨᠴᠠᠯᠢᠭ ᠢ ᠦᠨᠳᠤᠰᠤᠯᠡᠨ᠂ ᠠᠮᠤᠷ ᠠᠮᠤᠭᠤᠯᠠᠩ ᠡᠶ᠎ᠡ ᠵᠣᠬᠢᠴᠠᠯᠳᠤ ᠨᠡᠶᠢᠭᠡᠮ ᠲᠣᠭᠤᠷᠢᠭ ᠤᠨ | ᠪᠠᠶᠢᠭᠤᠯᠤᠯᠲᠠ ᠶᠢᠨ ᠰᠢᠨ᠎ᠡ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡ | ᠪᠠ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠬᠡᠯᠪᠡᠷᠢ ᠶᠢᠨ᠂ ᠬᠠᠮᠲᠤ ᠪᠠᠷ | ᠪᠠᠶᠢᠭᠤᠯᠬᠤ ᠬᠡᠯᠪᠡᠷᠢ ᠶᠢᠨ᠂ ᠰᠠᠨᠠᠭ᠎ᠠ ᠠᠮᠤᠷ ᠬᠡᠯᠪᠡᠷᠢ ᠶᠢᠨ ᠨᠡᠶᠢᠭᠡᠮ ᠲᠣᠭᠤᠷᠢᠭ ᠤᠨ ᠲᠠᠪᠴᠠᠩ ᠢ ᠪᠠᠶᠢᠯᠭᠠᠵᠦ᠂ | ᠨᠡᠶᠢᠭᠡᠮ ᠲᠣᠭᠤᠷᠢᠭ ᠤᠨ ᠠᠮᠤᠷ ᠠᠮᠤᠭᠤᠯᠠᠩ ᠤᠨ ᠪᠠᠶᠢᠭᠤᠯᠤᠯᠲᠠ ᠶᠢ ᠬᠦᠴᠦᠲᠡᠢ ᠳᠡᠭᠡᠭᠰᠢᠯᠡᠭᠦᠯᠦᠨ᠂ ᠡᠶ᠎ᠡ | ᠵᠣᠬᠢᠴᠠᠯᠳᠤ ︽ᠠᠷᠠᠳ ᠤᠨ ᠠᠮᠢᠳᠤᠷᠠᠯ ᠤᠨ ᠠᠶᠠᠰ︾ ᠢ ᠬᠠᠩᠭᠢᠨᠠᠭᠤᠯᠤᠭᠰᠠᠨ ᠪᠠᠶᠢᠨ᠎ᠠ᠃ | | ᠡᠭᠦᠨ ᠤ ᠬᠠᠮᠲᠤ᠂ ︽ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠠᠮᠤᠷ ᠲᠦᠪᠰᠢᠨ ᠬᠡᠷᠡᠭ ᠭᠠᠷᠬᠤ ᠦᠭᠡᠢ | ᠂ ᠦᠢᠯᠡᠴᠢᠯᠡᠭᠡ ᠲᠤᠳᠠᠬᠤ ᠦᠭᠡᠢ ᠪᠠᠶᠢᠯᠭᠠᠬᠤ︾ ᠠᠵᠢᠯ ᠤᠨ ᠬᠠᠷᠠᠯᠲᠠ ᠶᠢ ᠴᠢᠩᠭ᠎ᠠ ᠠᠩᠬᠠᠷᠴᠤ᠂ ᠬᠠᠮᠲᠤ ᠪᠠᠷ | ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠪᠠᠷ ᠵᠢᠯᠤᠭᠤᠳᠬᠤ ᠣᠨᠣᠯᠵᠢᠬᠤᠨ ᠪᠣᠯᠭᠠᠵᠤ᠂ ᠦᠨᠳᠦᠰᠦᠨ | ᠱᠠᠲᠤᠨ ᠤ ᠴᠠᠭᠳᠠᠭᠠᠨ ᠤ ᠶᠠᠪᠤᠳᠠᠯ ᠤᠨ ᠲᠠᠰᠤᠭ ᠬᠢᠭᠡᠳ ᠨᠡᠶᠢᠭᠡᠮ ᠲᠣᠭᠤᠷᠢᠭ ᠤᠨ ᠠᠵᠢᠯᠯᠠᠬᠤ ᠥᠷᠲᠡᠭᠡ ᠶᠢᠨ | ᠪᠤᠳᠠᠰ᠂ ᠡᠬᠢ ᠪᠠᠶᠠᠯᠢᠭ ᠪᠠ ᠲᠣᠭᠲᠠᠴᠠ ᠶᠢᠨ ᠳᠡᠭᠡᠳᠦ ᠬᠡᠮᠵᠢᠶ᠎ᠡ ᠪᠠᠷ ᠠᠭᠤᠰᠤᠯᠴᠠᠭᠤᠯᠬᠤ ᠶᠢ ᠪᠡᠶᠡᠯᠡᠭᠦᠯᠵᠦ᠂ | ᠵᠥᠷᠢᠴᠡᠯ ᠢ ᠨᠠᠮᠳᠠᠭᠤᠯᠬᠤ ᠣᠷᠣᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠣᠷᠣᠨ᠂ ᠰᠡᠷᠭᠡᠶᠢᠯᠡᠨ ᠤᠬᠠᠭᠤᠯᠬᠤ | ᠣᠷᠣᠨ᠂ ᠠᠷᠠᠳ ᠲᠤ ᠲᠥᠬᠦᠮ ᠦᠵᠡᠭᠦᠯᠵᠦ ᠴᠢᠯᠤᠭᠡᠳᠠᠢ ᠦᠢᠯᠡᠴᠢᠯᠡᠬᠦ ᠣᠷᠣᠨ᠂ ᠰᠠᠨᠠᠯ ᠢᠶᠠᠨ ᠰᠣᠯᠢᠯᠴᠠᠵᠤ | ᠦᠨᠡᠨᠴᠢ ᠪᠠᠷ ᠶᠠᠷᠢᠯᠴᠠᠬᠤ ᠣᠷᠣᠨ᠂ ᠠᠯᠪᠠᠯᠠᠬᠤ ᠣᠷᠣᠨ ᠵᠡᠷᠭᠡ ᠵᠢᠷᠭᠤᠭᠠᠨ ᠴᠢᠳᠠᠮᠵᠢᠲᠤ ᠣᠷᠣᠨ ᠪᠠᠶᠢᠭᠤᠯᠪᠠ᠃ | ᠪᠣᠳᠠᠲᠠᠢ ᠠᠵᠢᠯ ᠤᠨ ᠳᠤᠮᠳᠠ᠂ ᠴᠠᠭᠳᠠᠭᠠᠨ ᠤ ᠶᠠᠪᠤᠳᠠᠯ ᠤᠨ ᠲᠠᠰᠤᠭ ᠬᠢᠭᠡᠳ ᠨᠡᠶᠢᠭᠡᠮ ᠲᠣᠭᠤᠷᠢᠭ ᠤᠨ ᠠᠵᠢᠯ ᠤᠨ | ᠥᠷᠲᠡᠭᠡ ᠶᠢᠨ ᠠᠵᠢᠯᠲᠠᠨ ᠬᠠᠷᠢᠯᠴᠠᠨ ᠬᠥᠳᠡᠯᠦᠯᠴᠡᠬᠦ᠂ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠲᠠᠯᠠᠪᠤᠷ ᠭᠠᠵᠠᠷ ᠢ | ᠬᠠᠮᠲᠤᠪᠠᠷ ᠬᠡᠷᠡᠭᠯᠡᠬᠦ ᠠᠵᠢᠯᠯᠠᠭᠠᠨ ᠤ ᠵᠠᠭᠪᠤᠷ ᠢ ᠠᠪᠴᠤ᠂ ᠬᠠᠮᠳᠤᠷᠠᠨ ᠠᠵᠢᠯᠯᠠᠬᠤ᠂ ᠲᠣᠭᠲᠠᠴᠠ ᠪᠠᠨ | ᠠᠭᠤᠰᠤᠯᠴᠠᠭᠤᠯᠬᠤ ᠬᠠᠷᠠᠯᠲᠠ ᠶᠢ ᠠᠩᠬ᠎ᠠ ᠠᠯᠬᠤᠮ ᠪᠡᠶᠡᠯᠡᠭᠦᠯᠵᠦ᠂ ᠨᠡᠶᠢᠭᠡᠮ ᠲᠣᠭᠤᠷᠢᠭ ᠲᠠᠢ ᠬᠠᠮᠵᠢᠯᠴᠠᠨ | ᠬᠠᠮᠲᠤᠪᠠᠷ ᠵᠠᠰᠠᠬᠤ᠂ ᠠᠮᠤᠷ ᠢ ᠬᠠᠮᠠᠭᠠᠯᠠᠬᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠵᠥᠷᠢᠴᠡᠯ | ᠵᠢᠭᠤᠷᠠᠯᠳᠤᠭᠠᠨ ᠢ ᠨᠠᠮᠳᠠᠭᠤᠯᠬᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ | ᠦᠢᠯᠡᠴᠢᠯᠡᠭᠡ ᠬᠠᠩᠭᠠᠬᠤ᠂ ᠴᠠᠭᠳᠠᠭ᠎ᠠ ᠠᠷᠠᠳ ᠤᠨ ᠬᠠᠷᠢᠴᠠᠭ᠎ᠠ ᠶᠢ ᠪᠠᠶᠢᠭᠤᠯᠬᠤ ᠵᠡᠷᠭᠡ ᠲᠠᠯ᠎ᠠ ᠪᠠᠷ ᠢᠳᠡᠪᠬᠢᠲᠡᠢ | ᠦᠢᠯᠡᠳᠦᠯ ᠢᠶᠠᠨ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠠᠮᠤᠷ ᠠᠮᠤᠭᠤᠯᠠᠩ ᠢ ᠰᠠᠬᠢᠨ ᠬᠠᠮᠠᠭᠠᠯᠠᠵᠤ᠂ ᠨᠡᠶᠢᠭᠡᠮ | ᠲᠣᠭᠤᠷᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠶᠢ ᠠᠬᠢᠭᠤᠯᠪᠠ᠃ | ᠴᠠᠭᠳᠠᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠰᠢᠨ᠎ᠡ ᠠᠷᠭ᠎ᠠ ᠵᠠᠮ ᠢ | ᠬᠠᠶᠢᠨ ᠰᠦᠪᠡᠭᠴᠢᠯᠡᠪᠡ | ᠲᠠᠪᠤᠨ ᠰᠠᠷ᠎ᠠ ᠳᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠲᠣᠰᠬᠤᠨ ᠪᠠᠶᠠᠨᠲᠠᠯ᠎ᠠ ᠰᠤᠮᠤ ᠶᠢᠨ ᠵᠡᠭᠦᠨ ᠰᠠᠯᠠᠭ᠎ᠠ ᠭᠠᠴᠠᠭ᠎ᠠ ᠳᠤ ᠬᠦᠷᠬᠦ ᠳᠤ᠂ ᠲᠡᠭᠷᠢ ᠨᠢ | ᠬᠥᠬᠡᠷᠡᠨ ᠡᠪᠡᠰᠦ ᠨᠢ ᠨᠣᠭᠤᠭᠠᠷᠠᠵᠤ᠂ ᠦᠬᠡᠷ ᠬᠤᠨᠢ ᠨᠢ ᠰᠦᠷᠦᠭᠯᠡᠨ᠂ ᠠᠷᠠᠳ ᠤᠨ ᠭᠡᠷ ᠪᠠᠶᠢᠰᠢᠩ ᠣᠷᠣᠨ | ᠰᠠᠭᠤᠴᠠ ᠨᠢ ᠡᠮᠬᠢ ᠵᠠᠮᠪᠠᠷᠠᠭ᠎ᠠ ᠲᠠᠢ ᠁ ᠪᠠᠶᠢᠨ᠎ᠠ᠂ ᠡᠨᠡᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠠᠷᠤ ᠳᠤ | ᠳᠣᠲᠣᠭᠠᠳᠤ ᠶᠢ ᠬᠠᠮᠠᠭᠠᠯᠠᠬᠤ ᠬᠦᠴᠦᠨ ᠤ ᠢᠳᠡᠪᠬᠢᠲᠡᠢ ᠣᠷᠤᠯᠴᠠᠯᠭ᠎ᠠ ᠠᠴᠠ ᠰᠠᠯᠵᠤ ᠴᠢᠳᠠᠬᠤ ᠦᠭᠡᠢ ᠶᠤᠮ᠃ | | ᠨᠢᠭᠡ ᠲᠣᠰᠬᠤᠨ ᠳᠤ ᠨᠢᠭᠡ ᠲᠣᠰᠬᠤᠨ ᠳᠤ ᠰᠠᠭᠤᠭ᠎ᠠ ᠬᠠᠪᠰᠤᠷᠤᠨ ᠬᠠᠮᠢᠶᠠᠷᠤᠭᠴᠢ ᠶᠢ ᠬᠡᠷᠡᠭᠵᠢᠭᠦᠯᠵᠦ᠂ | ᠴᠠᠭᠳᠠᠭ᠎ᠠ ᠠᠷᠠᠳ ᠢ ᠬᠤᠯᠪᠤᠭᠠᠯᠠᠨ ᠲᠣᠬᠢᠷᠠᠭᠤᠯᠬᠤ ᠲᠠᠰᠤᠭ ᠪᠠᠶᠢᠭᠤᠯᠵᠤ᠂ ︽ᠴᠠᠭᠳᠠᠭ᠎ᠠ︾ ᠶᠢᠨ ᠦᠢᠯᠡᠴᠢᠯᠡᠭᠡᠨ ᠤ | ᠠᠩᠭᠢ ᠶᠢ ᠵᠣᠬᠢᠶᠠᠨ ᠪᠠᠶᠢᠭᠤᠯᠵᠤ᠂ ︽2+N︾ ᠶᠢᠨ ᠵᠥᠷᠢᠴᠡᠯ ᠢ ᠡᠶᠡᠳᠡᠭᠦᠯᠬᠦ ᠠᠵᠢᠯ ᠤᠨ ᠵᠠᠭᠪᠤᠷ ᠢ ᠬᠠᠶᠢᠨ | ᠰᠦᠪᠡᠭᠴᠢᠯᠡᠵᠦ᠂ ︽ᠠᠮᠤᠷ ᠠᠮᠤᠭᠤᠯᠠᠩ ᠢ ᠰᠠᠬᠢᠨ ᠬᠠᠮᠠᠭᠠᠯᠠᠬᠤ︾ ᠰᠢᠷᠢᠰ ᠠᠵᠢᠯᠯᠠᠭ᠎ᠠ ᠶᠢ ᠦᠷᠨᠢᠭᠦᠯᠪᠡ᠂ ᠡᠨᠡ | ᠪᠣᠯ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠳᠡᠭᠡ ᠲᠣᠰᠬᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠭᠰᠡᠨ ᠬᠤᠷᠢᠶᠠᠩᠭᠤᠢ ᠳᠦᠷᠰᠦ ᠪᠣᠯᠣᠨ᠎ᠠ᠃ | | ᠣᠶᠢᠷ᠎ᠠ ᠶᠢᠨ ᠵᠢᠯ ᠳᠤ᠂ ᠰᠢᠨ᠎ᠡ ᠪᠠᠶᠢᠳᠠᠯ ᠳᠣᠣᠷᠠᠬᠢ ᠬᠥᠳᠡᠭᠡ ᠲᠣᠰᠬᠤᠨ ᠤ ᠨᠡᠶᠢᠭᠡᠮ ᠤᠨ ᠠᠮᠤᠷ | ᠲᠦᠪᠰᠢᠨ ᠢ ᠬᠠᠮᠠᠭᠠᠯᠠᠬᠤ ᠪᠣᠳᠠᠲᠤ ᠬᠡᠷᠡᠭᠴᠡᠭᠡ ᠳᠤ ᠨᠡᠶᠢᠴᠡᠭᠦᠯᠬᠦ ᠶᠢᠨ ᠲᠥᠯᠥᠭᠡ᠂ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠬᠤᠰᠢᠭᠤᠨ ᠤ ᠪᠠᠶᠢᠳᠠᠯ᠂ ᠪᠣᠳᠠᠲᠤ ᠪᠠᠶᠢᠳᠠᠯ ᠳᠤ ᠰᠠᠭᠤᠷᠢᠯᠠᠵᠤ᠂ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠤᠨ ᠰᠢᠨ᠎ᠡ ᠶᠢ ᠡᠭᠦᠳᠬᠦ ᠪᠠᠷ ᠭᠠᠷᠳᠠᠴᠠ ᠪᠤᠯᠭᠠᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠᠷ ᠰᠠᠭᠤᠷᠢ ᠪᠣᠯᠭᠠᠵᠤ᠂ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠵᠦ᠂ ᠴᠣᠬᠢᠯᠲᠠ ᠥᠭᠬᠦ ᠭᠤᠣᠯ ᠬᠠᠷᠢᠭᠤᠴᠠᠯᠭ᠎ᠠ | ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠲᠣᠣᠷ ᠢᠶᠠᠨ ᠨᠢᠭᠲᠠ ᠰᠦᠯᠵᠢᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︽ᠰᠠᠬᠢᠨ ᠬᠠᠮᠠᠭᠠᠯᠠᠬᠤ ᠪᠠᠮᠪᠠᠢ︾ ᠶᠢ ᠰᠠᠶᠢᠲᠤᠷ ᠴᠣᠭᠴᠠᠯᠠᠵᠤ᠂ ᠴᠠᠭᠳᠠᠭᠠᠨ ᠤ | ᠬᠦᠴᠦᠨ ᠢ ᠳᠣᠷᠣᠭᠰᠢ ᠪᠠᠭᠤᠯᠭᠠᠵᠤ᠂ ᠴᠠᠭᠳᠠᠭᠠᠨ ᠤ ᠶᠠᠪᠤᠳᠠᠯ ᠢ ᠤᠷᠤᠭᠰᠢ ᠰᠢᠯᠵᠢᠭᠦᠯᠵᠦ᠂ ᠬᠥᠳᠡᠭᠡ ᠲᠣᠰᠬᠤᠨ | ᠳᠤ ᠴᠠᠭᠳᠠᠭ᠎ᠠ ᠬᠦᠷᠬᠦ ᠨᠣᠷᠮ᠎ᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠲᠤᠤᠷ ᠢ ᠲᠡᠭᠦᠯᠳᠡᠷᠵᠢᠭᠦᠯᠵᠦ᠂ ᠰᠠᠭᠤᠷᠢ ᠪᠠᠲᠤᠯᠠᠭ᠎ᠠ ᠶᠢ ᠴᠢᠩᠭᠠᠳᠬᠠᠵᠤ᠂ ᠴᠠᠭᠳᠠᠭᠠᠨ ᠤ ᠶᠠᠪᠤᠳᠠᠯ ᠤᠨ ᠵᠠᠭᠪᠤᠷ ᠢ | ᠰᠢᠯᠢᠳᠡᠭᠵᠢᠭᠦᠯᠵᠦ ︽ᠨᠢᠭᠡ ᠲᠤᠮᠢᠯᠠᠭᠰᠠᠨ ᠰᠠᠯᠪᠤᠷᠢ ᠨᠢᠭᠡ ᠲᠦᠷᠤᠯ ᠲᠡᠮᠳᠡᠭ︾ ᠤᠨ ᠴᠠᠭᠳᠠᠭᠠᠨ ᠤ ᠶᠠᠪᠤᠳᠠᠯ ᠤᠨ | ᠪᠠᠶᠢᠯᠳᠤᠬᠤ ᠪᠣᠳᠣᠯᠭ᠎ᠠ ᠶᠢ ᠡᠬᠢᠯᠡᠭᠦᠯᠵᠦ᠂ ᠬᠥᠮᠥᠨ ᠤ ᠬᠦᠴᠦᠨ᠂ ᠡᠳ᠋ ᠤᠨ ᠬᠦᠴᠦᠨ᠂ ᠪᠣᠳᠠᠰ ᠤᠨ ᠬᠦᠴᠦᠨ ᠢ | ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠵᠦᠭ ᠬᠡᠯᠪᠡᠶᠢᠯᠭᠡᠬᠦ ᠶᠢ ᠪᠠᠷᠢᠮᠲᠠᠯᠠᠵᠤ᠂ ᠡᠭᠦᠨ ᠤ ᠬᠠᠮᠲᠤ ︽ᠨᠢᠭᠡ | ᠲᠤᠮᠢᠯᠠᠭᠰᠠᠨ ᠰᠠᠯᠪᠤᠷᠢ ᠨᠢᠭᠡ ᠲᠦᠷᠦᠯ ᠲᠡᠮᠳᠡᠭ︾ ᠤᠨ ᠠᠵᠢᠯ ᠢ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ | ᠰᠢᠰᠲ᠋ᠧᠮ᠂ ᠲᠤᠤᠷᠴᠢᠯᠠᠭᠰᠠᠨ ᠪᠠᠶᠢᠭᠤᠯᠤᠯᠲᠠ ᠲᠠᠢ ᠠᠭᠤᠰᠤᠯᠴᠠᠭᠤᠯᠵᠤ᠂ ᠴᠠᠭᠳᠠᠭᠠᠨ ᠤ ᠶᠠᠪᠤᠳᠠᠯ ᠤᠨ | ᠣᠶᠢᠯᠠᠭᠠᠭᠳᠠᠬᠤᠨ ᠢᠶᠠᠨ ᠰᠢᠨᠡᠳᠬᠡᠵᠦ᠂ ᠠᠵᠢᠯ ᠤᠨ ᠰᠡᠳᠬᠢᠴᠡ ᠪᠠᠨ ᠲᠣᠬᠢᠷᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︽ᠬᠥᠭᠵᠢᠯᠲᠡ ᠶᠢᠨ ᠰᠠᠭᠤᠷᠢ︾ ᠶᠢ ᠪᠠᠲᠤᠳᠬᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠢᠨ᠎ᠡ ᠴᠠᠭᠳᠠᠭᠠᠨ ᠤ ᠶᠠᠪᠤᠳᠠᠯ ᠤᠨ ᠵᠠᠭᠪᠤᠷ ᠢ ᠲᠠᠰᠤᠷᠠᠯᠳᠡ ᠦᠭᠡᠢ ᠰᠦᠪᠡᠭᠴᠢᠯᠡᠵᠦ᠂ | ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠲᠤᠳᠬᠠᠵᠤ᠂ ᠠᠮᠤᠷ ᠠᠮᠤᠭᠤᠯᠠᠩ ᠬᠥᠳᠡᠭᠡ | ᠲᠣᠰᠬᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠩᠭᠠᠪᠠ᠃ | |