5 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠦ᠋ ᠴᠢᠩ ᠬᠠᠢ ᠪᠠᠶᠠᠷᠲᠤᠬᠤᠰᠢᠭᠤ ᠪᠠᠯᠭᠠᠰᠤᠨ ᠤ ᠲᠦᠪᠰᠢᠨ ᠭᠠᠴᠠᠭ᠎ᠠ ᠳᠤ | ᠬᠦᠷᠴᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠦᠬᠡᠷ ᠤᠨ | ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠪᠦᠲᠦᠭᠡᠨ | ᠪᠠᠶᠢᠭᠤᠯᠤᠯᠲᠠ ᠵᠡᠷᠭᠡ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ | ᠲᠦᠪᠰᠢᠨ ᠭᠠᠴᠠᠭ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠤᠬᠠᠭᠤᠯᠭ᠎ᠠ ᠶᠢᠨ | ᠤᠷᠲᠤ ᠬᠤᠩᠭᠢᠯ ᠳᠤ᠂ ᠦ᠋ ᠴᠢᠩ ᠬᠠᠢ ᠭᠠᠴᠠᠭ᠎ᠠ ᠶᠢᠨ ᠬᠠᠷᠢᠭᠤᠴᠠᠯᠭᠠᠲᠠᠨ ᠤ ᠠᠵᠢᠯ ᠥᠷᠨᠢᠭᠦᠯᠦᠭᠰᠡᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠲᠦᠪᠰᠢᠨ ᠭᠠᠴᠠᠭ᠎ᠠ ᠶᠢᠨ | ᠣᠶᠢᠷ᠎ᠠ ᠶᠢᠨ ᠵᠢᠯ ᠤᠨ ᠲᠤᠷᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ | ᠲᠠᠯ᠎ᠠ ᠪᠠᠷ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠭᠦᠨᠵᠡᠭᠡᠢ ᠠᠬᠢᠭᠤᠯᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠬᠦ ᠭᠠᠴᠠᠭ᠎ᠠ ᠶᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠢ ᠭᠦᠢᠴᠡᠳ | ᠨᠤᠲᠠᠯᠠᠪᠠ᠃ | | ᠦ᠋ ᠴᠢᠩ ᠬᠠᠢ ᠴᠢᠬᠤᠯᠠᠴᠢᠯᠠᠬᠤ ᠳᠠᠭᠠᠨ᠂ ᠲᠦᠪᠰᠢᠨ ᠭᠠᠴᠠᠭ᠎ᠠ ᠪᠦᠬᠦ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠠᠴᠠᠭ᠎ᠠ ᠪᠣᠯᠤᠭᠰᠠᠨ ᠤ ᠬᠤᠪᠢ ᠳᠤ ᠬᠥᠲᠥᠯᠥᠨ ᠳᠠᠭᠠᠭᠤᠯᠬᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠭᠢᠯᠠᠰ ᠴᠡᠭ ᠢᠶᠠᠨ ᠳᠡᠯᠭᠡᠨ ᠦᠵᠡᠭᠦᠯᠵᠦ᠂ ᠣᠨᠴᠠᠯᠢᠭ ᠢᠶᠠᠨ | ᠳᠣᠪᠤᠶᠢᠯᠭᠠᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠭᠦᠨ ᠵᠤᠵᠠᠭᠠᠨ ᠠᠭᠤᠷ ᠠᠮᠢᠰᠬᠤᠯ ᠢ ᠭᠦᠢᠴᠡᠳ ᠪᠤᠶ ᠪᠣᠯᠭᠠᠵᠤ᠂ ᠡᠭᠦᠨ ᠤ ᠬᠠᠮᠲᠤ ᠬᠥᠭᠵᠢᠯᠲᠡ ᠶᠢᠨ ᠰᠢᠨ᠎ᠡ ᠵᠠᠮ ᠢ | ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠮᠠᠯ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠲᠤ ᠪᠠᠨ | ᠰᠠᠭᠤᠷᠢᠯᠠᠨ᠂ ᠭᠠᠴᠠᠭ᠎ᠠ ᠶᠢᠨ ᠦᠨᠳᠦᠰᠦᠲᠡᠨ ᠤ ᠰᠣᠶᠣᠯ ᠤᠨ ᠡᠬᠢ ᠪᠠᠶᠠᠯᠢᠭ᠂ ᠲᠠᠯ᠎ᠠ ᠨᠤᠲᠤᠭ ᠤᠨ ᠵᠠᠩ | ᠦᠶᠯᠡ ᠶᠢᠨ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠦᠬᠡᠷ ᠤᠨ ᠠᠵᠤ ᠦᠢᠯᠡᠰ ᠤᠨ | ᠬᠥᠭᠵᠢᠯᠲᠡ ᠪᠠ ᠲᠡᠵᠢᠭᠡᠪᠤᠷᠢ ᠶᠢᠨ ᠲᠣᠮᠣ ᠡᠷᠦᠬᠡ ᠶᠢᠨ ᠲᠦᠯᠬᠢᠴᠡ ᠬᠦᠴᠦᠨ ᠳᠤ ᠲᠦᠰᠢᠭᠯᠡᠨ᠂ ᠠᠵᠤ ᠠᠬᠤᠢ ᠶᠢᠨ | ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠵᠤ᠂ ᠲᠦᠪᠰᠢᠨ ᠭᠠᠴᠠᠭ᠎ᠠ ᠶᠢᠨ ᠣᠨᠴᠠᠯᠢᠭᠲᠤ ᠠᠵᠤ ᠦᠢᠯᠡᠰ ᠪᠠ ᠠᠮᠢ | ᠠᠬᠤᠢ ᠶᠢᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠣᠯᠠᠨ ᠲᠦᠮᠡᠨ ᠢ ᠦᠷᠭᠦᠯᠵᠢᠯᠡᠨ | ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ | ᠣᠯᠠᠨ ᠮᠠᠯᠴᠢᠳ ᠲᠤ ᠨᠠᠩ ᠣᠯᠠᠨ ᠨᠠᠩ ᠰᠠᠶᠢᠨ ᠬᠦᠷᠳᠡᠭᠡᠬᠦ ᠭᠡᠷᠡᠭᠳᠠᠢ ᠭᠡᠪᠡ᠃ | ᠡᠭᠦᠨ ᠤ ᠳᠠᠷᠠᠭ᠎ᠠ᠂ ᠦ᠋ ᠴᠢᠩ ᠬᠠᠢ ᠲᠦᠪᠰᠢᠨ ᠭᠠᠴᠠᠭ᠎ᠠ ᠶᠢᠨ ᠲᠡᠵᠢᠭᠡᠪᠤᠷᠢ ᠶᠢᠨ ᠲᠣᠭᠤᠷᠢᠭ ᠲᠤ ᠬᠦᠷᠴᠦ᠂ | ᠮᠠᠯᠴᠢᠳ ᠲᠠᠢ ᠭᠦᠨᠵᠡᠭᠡᠢ ᠶᠠᠷᠢᠯᠴᠠᠵᠤ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠣᠯᠣᠨ ᠲᠡᠵᠢᠭᠡᠪᠤᠷᠢ ᠶᠢᠨ | ᠲᠦᠷᠤᠯ ᠵᠤᠶᠢᠯ᠂ ᠲᠡᠵᠢᠭᠡᠨ ᠦᠷᠡᠵᠢᠭᠦᠯᠬᠦ ᠬᠡᠪᠴᠢᠶ᠎ᠡ᠂ ᠡᠪᠡᠰᠦ ᠪᠣᠷᠳᠤᠭ᠎ᠠ᠂ ᠬᠠᠰᠢᠶ᠎ᠠ ᠰᠠᠷᠠᠪᠴᠢ ᠲᠤᠨᠤᠭ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠦᠷ᠎ᠡ ᠠᠰᠢᠭ ᠵᠡᠷᠭᠡ ᠬᠠᠮᠢᠶ᠎ᠠ ᠪᠦᠬᠦᠢ ᠪᠠᠶᠢᠳᠠᠯ ᠢ ᠠᠰᠠᠭᠤᠨ | ᠣᠶᠢᠯᠠᠭᠠᠭᠰᠠᠨ ᠪᠥᠭᠡᠳ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠦᠬᠡᠷ | ᠲᠡᠵᠢᠭᠡᠬᠦ ᠠᠵᠤ ᠦᠢᠯᠡᠰ ᠤᠨ ᠬᠡᠪᠴᠢᠶ᠎ᠡ ᠪᠠᠨ ᠰᠢᠯᠢᠳᠡᠭᠵᠢᠭᠦᠯᠬᠦ᠂ ᠡᠭᠦᠯᠳᠡᠷ ᠰᠠᠶᠢᠵᠢᠷᠠᠭᠤᠯᠬᠤ ᠠᠵᠢᠯ ᠢ | ᠴᠢᠩᠭᠠᠳᠬᠠᠬᠤ ᠵᠡᠷᠭᠡ ᠲᠠᠯ᠎ᠠ ᠪᠠᠷ ᠵᠢᠯᠣᠭᠤᠳᠤᠯᠭ᠎ᠠ ᠶᠢᠨ ᠴᠢᠨᠠᠷᠲᠠᠢ ᠰᠠᠨᠠᠯ ᠳᠤᠷᠠᠳᠪᠠ᠃ |