| 5 ᠰᠠᠷ᠎ᠠ ᠶᠢᠨ 11 ᠤ ᠡᠳᠦᠷ᠂ ᠵᠠᠷᠤᠳ ᠬᠤᠰᠢᠭᠤ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ | ᠬᠦᠭᠵᠢᠭᠦᠯᠦᠨ ᠮᠠᠨᠳᠣᠭᠤᠯᠬᠤ︾ ᠠᠵᠢᠯᠯᠠᠭ᠎ᠠ ᠶᠢᠨ ᠡᠬᠢᠯᠡᠯᠲᠡ ᠶᠢᠨ ᠶᠡᠭᠡ ᠬᠤᠷᠠᠯ ᠬᠢᠪᠡ᠃ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠲᠡᠷᠢᠭᠦᠯᠡᠭᠴᠢ ᠠᠨ ᠿᠦᠨ ᠱᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠪᠦᠦ ᠯᠢ ᠴᠢᠶᠦ᠋ᠨ᠂ ᠬᠤᠰᠢᠭᠤᠨ ᠤ | ᠤᠳᠤᠷᠢᠳᠤᠯᠭ᠎ᠠ ᠯᠢᠦ ᠶᠦᠩ᠂ ᠭᠦᠸᠧ ᠮᠢᠩ ᠴᠢᠶᠦ᠋ᠨ᠂ ᠯᠢ ᠢᠦᠢ ᠹᠦ᠋᠂ ᠵᠠᠩ ᠶᠦᠩ ᠴᠢᠶᠠᠩ᠂ ᠮᠦᠩᠭᠦᠨᠬᠤᠸᠠᠷ | ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤ ᠲᠠᠯᠠᠪᠠᠶ᠂ ︽ᠲᠦᠮᠡᠨ ᠠᠵᠤ ᠠᠬᠤᠶᠢᠯᠠᠯ ᠢᠶᠠᠷ ᠲᠦᠮᠡᠨ | ᠲᠣᠰᠬᠤᠨ ᠢ ᠬᠦᠭᠵᠢᠭᠦᠯᠦᠨ ᠮᠠᠨᠳᠣᠭᠤᠯᠬᠤ︾ ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ ᠵᠢᠴᠢ | ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠬᠠᠷᠢᠶ᠎ᠠ ᠬᠤᠳᠠᠯᠳᠤᠭᠠᠴᠢᠳ ᠤᠨ ᠡᠪᠯᠡᠯ ᠤᠨ ᠬᠠᠷᠢᠭᠤᠴᠠᠯᠭᠠᠲᠠᠨ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠭᠦᠢᠴᠡᠳᠬᠡᠬᠦ ᠭᠡᠰᠢᠭᠦᠨ᠂ ᠠᠵᠤ ᠠᠬᠤᠶᠢᠯᠠᠯᠲᠠᠨ ᠤ ᠲᠥᠯᠥᠭᠡᠯᠡᠭᠴᠢ᠂ ᠭᠠᠴᠠᠭ᠎ᠠ ᠲᠣᠰᠬᠤᠨ ᠤ | ᠨᠠᠮ ᠤᠨ ᠡᠭᠦᠷ ᠤᠨ ᠱᠦᠵᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃ | | ᠬᠤᠷᠠᠯ ᠳᠡᠭᠡᠷ᠎ᠡ᠂ ᠠᠨ ᠿᠦᠨ ᠱᠧᠩ᠂ ᠪᠦᠦ ᠯᠢ ᠴᠢᠶᠦ᠋ᠨ ᠵᠡᠷᠭᠡ ᠤᠳᠤᠷᠢᠳᠤᠯᠭ᠎ᠠ ᠱᠠᠩᠨᠠᠯ ᠳᠤᠰᠣᠭᠰᠠᠨ | ᠰᠢᠯᠢᠳᠡᠭ ᠠᠵᠤ ᠠᠬᠤᠶᠢᠯᠠᠯ ᠪᠣᠯᠣᠨ ᠰᠢᠯᠢᠳᠡᠭ ᠠᠵᠤ ᠠᠬᠤᠶᠢᠯᠠᠯᠲᠠᠨ ᠳᠤ ᠢᠷᠠᠭᠤ ᠠᠯᠳᠠᠷ ᠤᠨ ᠦᠨᠡᠮᠯᠡᠯ ᠣᠯᠭᠤᠪᠠ | ᠃ | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠯᠢ ᠢᠦᠢ ᠹᠦ᠋ ᠵᠢᠭᠠᠪᠣᠷᠢᠯᠠᠭᠰᠠᠨ ᠨᠢ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ | ᠬᠦᠭᠵᠢᠭᠦᠯᠦᠨ ᠮᠠᠨᠳᠣᠭᠤᠯᠬᠤ︾ ᠠᠵᠢᠯᠯᠠᠭ᠎ᠠ ᠪᠣᠯ ᠨᠠᠮ ᠤᠨ ᠲᠥᠪ ᠬᠤᠷᠢᠶᠠᠨ ᠤ ᠴᠠᠭ ᠢ ᠦᠵᠡᠨ ᠪᠠᠶᠢᠳᠠᠯ ᠢ | ᠰᠢᠨᠵᠢᠵᠦ ᠭᠠᠷᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ︽ᠲᠦᠮᠡᠨ ᠠᠵᠤ | ᠠᠬᠤᠶᠢᠯᠠᠯ ᠢᠶᠠᠷ ᠲᠦᠮᠡᠨ ᠲᠣᠰᠬᠤᠨ ᠢ ᠬᠠᠪᠰᠣᠷᠤᠨ ᠲᠡᠳᠭᠦᠬᠦ︾ ᠠᠵᠢᠯᠯᠠᠭ᠎ᠠ ᠶᠢᠨ ᠭᠦᠨᠵᠡᠭᠡᠶᠢᠷᠡᠯ ᠪᠠ | ᠳᠡᠭᠡᠭᠰᠢᠯᠡᠯᠲᠡ ᠮᠥᠨ᠃ ᠪᠠᠶᠢᠳᠠᠯ ᠤᠨ ᠬᠤᠪᠢᠷᠠᠯᠲᠠ ᠶᠢ ᠰᠠᠶᠢᠲᠤᠷ ᠡᠵᠡᠮᠳᠡᠵᠦ᠂ ᠰᠡᠳᠬᠢᠮᠵᠢ | ᠣᠶᠢᠯᠠᠭᠠᠭᠳᠠᠬᠤᠨ ᠢᠶᠠᠨ ᠰᠠᠶᠢᠲᠤᠷ ᠬᠤᠪᠢᠷᠠᠭᠤᠯᠵᠤ᠂ ᠪᠡᠯᠡ ᠮᠦᠩᠭᠦ᠂ ᠮᠡᠷᠭᠡᠵᠢᠯ᠂ ᠴᠢᠳᠠᠪᠤᠷᠢᠲᠠᠨ᠂ ᠨᠡᠷᠡᠲᠦ | ᠲᠡᠮᠳᠡᠭ ᠢᠶᠠᠷ ᠬᠤᠯᠪᠣᠭᠠᠰᠤ ᠪᠣᠯᠭᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ | ᠣᠷᠣᠯᠴᠠᠵᠤ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠦᠭᠵᠢᠭᠦᠯᠦᠨ ᠮᠠᠨᠳᠣᠭᠤᠯᠬᠤ︾ | ᠠᠵᠢᠯᠯᠠᠭ᠎ᠠ ᠳᠤᠮᠳᠠ ᠦᠷᠭᠦᠯᠵᠢᠯᠡᠨ ᠬᠥᠭᠵᠢᠯᠲᠡ ᠶᠢ ᠪᠡᠶᠡᠯᠡᠭᠦᠯᠵᠦ᠂ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ | ᠪᠠᠶᠠᠨ ᠴᠢᠨᠡᠭᠡᠯᠢᠭ᠂ ᠪᠣᠯᠪᠠᠰᠤᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠣᠳᠣᠬᠢᠴᠢᠯᠠᠭᠰᠠᠨ ᠵᠠᠷᠣᠳ ᠢ | ᠪᠦᠲᠦᠭᠡᠨ ᠪᠠᠶᠢᠭᠤᠯᠬᠤ ᠳᠤ ᠥᠩᠭᠡ ᠭᠡᠷᠡᠯ ᠨᠡᠮᠡᠷᠢᠯᠡᠬᠦ ᠬᠡᠷᠡᠭᠲᠡᠢ ᠭᠡᠪᠡ᠃ | | ᠯᠢ ᠢᠦᠢ ᠹᠦ᠋ ᠴᠢᠬᠤᠯᠠᠴᠢᠯᠠᠭᠰᠠᠨ ᠨᠢ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ | ᠬᠦᠭᠵᠢᠭᠦᠯᠦᠨ ᠮᠠᠨᠳᠣᠭᠤᠯᠬᠤ︾ ᠠᠵᠢᠯᠯᠠᠭ᠎ᠠ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠣᠨ᠎ᠠ᠂ ︽ | ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠦᠭᠵᠢᠭᠦᠯᠦᠨ ᠮᠠᠨᠳᠣᠭᠤᠯᠬᠤ︾ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠨᠢ ᠠᠵᠤ ᠠᠬᠤᠶᠢᠯᠠᠯ ᠢᠶᠠᠷ ᠬᠥᠳᠡᠭᠡ ᠲᠣᠰᠬᠤᠨ ᠢ ᠳᠠᠶᠢᠴᠢᠯᠠᠵᠤ ︽ᠥᠪᠡᠷ ᠢᠶᠠᠨ ᠴᠢᠰᠤ | ᠪᠦᠲᠦᠭᠡᠬᠦ︾ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠪᠣᠯᠬᠤ ᠪᠠᠷ ᠪᠠᠷᠠᠬᠤ ᠦᠭᠡᠢ ᠪᠠᠰᠠ ᠠᠵᠤ ᠠᠬᠤᠶᠢᠯᠠᠯ ᠤᠨ ︽ | ᠲᠥᠯᠥᠪᠦᠷᠢ ᠲᠠᠢ ᠪᠠᠷ ᠴᠢᠰᠤ ᠶᠡᠭᠦᠯᠡᠬᠦ︾ ᠶᠠᠪᠤᠴᠠ ᠳᠤ ᠬᠥᠭᠵᠢᠨ ᠪᠤᠵᠠᠭᠠᠶᠢᠷᠠᠬᠤ ᠳᠠᠪᠠᠭᠤᠯᠢᠭ ᠠᠷᠭ᠎ᠠ ᠵᠠᠮ ᠪᠣᠯᠣᠨ᠎ᠠ | ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠦᠷᠭᠦᠯᠵᠢᠯᠡᠬᠦᠶᠢᠴᠡ ᠬᠥᠭᠵᠢᠯᠲᠡ ᠶᠢᠨ ᠪᠠᠶᠢᠷᠢᠰᠢᠯ ᠳᠤ | ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠬᠦ ᠪᠠ ᠬᠠᠮᠵᠢᠯᠴᠠᠬᠤ ᠶᠢ ᠱᠠᠭᠠᠷᠳᠠᠨ᠎ᠠ᠃ ᠬᠤᠪᠢ ᠶᠢᠨ ᠡᠵᠡᠩᠨᠡᠯᠲᠡ ᠶᠢᠨ | ᠠᠵᠤ ᠠᠬᠤᠶᠢᠯᠠᠯ ᠥᠪᠡᠷ ᠤᠨ ᠲᠤᠬᠠᠶᠢᠯᠠᠭᠰᠠᠨ ᠠᠵᠢᠯ ᠢᠶᠠᠨ ᠠᠵᠤ ᠦᠢᠯᠡᠰ ᠲᠠᠢ ᠪᠠᠨ ᠵᠣᠯᠭᠠᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠱᠠᠲᠤᠨ ᠤ ᠲᠣᠪᠣᠶᠢᠮ᠎ᠠ | ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠯᠢᠭᠲᠤ ᠠᠵᠤ ᠦᠢᠯᠡᠰ ᠤᠨ | ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠬᠤᠣᠰ ᠢᠯᠡᠯᠲᠡ ᠶᠢᠨ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠯᠣᠭᠠᠶᠢᠯᠠᠭᠴᠢ ᠠᠵᠤ ᠠᠬᠤᠶᠢᠯᠠᠯ ᠢ ᠲᠡᠳᠬᠦᠵᠦ᠂ ᠠᠵᠤ | ᠠᠬᠤᠶᠢᠯᠠᠯ ᠤᠨ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠵᠦ᠂ ᠠᠷᠠᠳ ᠤᠯᠠᠨ ᠶᠢ ᠳᠠᠶᠢᠴᠢᠯᠠᠨ | ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃ ᠲᠣᠭᠲᠠᠴᠠ ᠶᠢᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠪᠠᠲᠤ ᠪᠠᠬᠢ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠪᠠᠶᠢᠭᠤᠯᠵᠤ᠂ ᠳᠠᠭᠤᠷᠢᠶᠠᠵᠤ | ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠡᠭᠦᠳᠴᠦ᠂ ᠪᠥᠬᠦ ᠬᠤᠰᠢᠭᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ︽ᠬᠦᠴᠦᠨ ᠴᠢᠳᠠᠯ ᠢᠶᠠᠨ | ᠬᠤᠷᠠᠮᠳᠤᠭᠤᠯᠤᠨ ᠬᠦᠴᠦᠨ ᠴᠢᠳᠠᠯ ᠢᠶᠠᠨ ᠨᠡᠮᠡᠷᠢᠯᠡᠬᠦ︾ ᠬᠡᠷᠡᠭᠲᠡᠢ᠃ ᠭᠠᠴᠠᠭ᠎ᠠ ᠲᠣᠰᠬᠤᠨ ᠤ ᠠᠵᠤ ᠦᠢᠯᠡᠰ ᠤᠨ | ᠰᠠᠭᠤᠷᠢ᠂ ᠡᠬᠢ ᠪᠠᠶᠠᠯᠢᠭ ᠤᠨ ᠳᠠᠪᠠᠭᠤᠯᠢᠭ᠂ ᠦᠢᠯᠡᠳᠪᠦᠷᠢᠯᠡᠯ ᠤᠨ ᠳᠠᠳᠬᠠᠯ ᠵᠡᠷᠭᠡ ᠪᠣᠳᠠᠲᠤ ᠪᠠᠶᠢᠳᠠᠯ ᠳᠤ | ᠰᠠᠭᠤᠷᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠵᠠᠭᠪᠤᠷ ᠪᠠ ᠠᠷᠭ᠎ᠠ ᠵᠠᠮ ᠢ | ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠬᠠᠪᠰᠤᠷᠤᠨ ᠲᠡᠳᠬᠦᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠮᠠᠯᠴᠢᠨ ᠲᠠᠷᠢᠶᠠᠴᠢᠨ ᠯᠤᠭ᠎ᠠ ᠬᠠᠮᠲᠤᠷᠠᠯᠴᠠᠬᠤ ᠬᠠᠷᠢᠴᠠᠭ᠎ᠠ ᠪᠠᠶᠢᠭᠤᠯᠵᠤ᠂ ᠲᠣᠰᠬᠤᠨ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠪᠠᠲᠤ ᠪᠠᠬᠢ ᠪᠠᠶᠢᠭᠤᠯᠤᠨ᠂ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠢ ᠭᠡᠪᠡ᠃ | | ᠯᠢ ᠢᠦᠢ ᠹᠦ᠋ ᠱᠠᠭᠠᠷᠳᠠᠭᠰᠠᠨ ᠨᠢ᠂ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠬᠢᠨ | ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠬᠠᠮᠵᠢᠯᠴᠠᠨ ᠬᠠᠮᠲᠤᠷᠠᠯᠴᠠᠵᠤ | ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠬᠠᠪᠰᠣᠷᠣᠨ ᠵᠣᠬᠢᠴᠠᠭᠤᠯᠤᠨ | ᠰᠢᠢᠳᠪᠦᠷᠢᠯᠡᠵᠦ᠂ ᠨᠡᠩ ᠤᠯᠠᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠦᠨ ᠢ ︽ᠲᠦᠮᠡᠨ ᠠᠵᠤ | ᠠᠬᠤᠶᠢᠯᠠᠯ ᠢᠶᠠᠷ ᠲᠦᠮᠡᠨ ᠲᠣᠰᠬᠤᠨ ᠢ ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ ᠳᠤ ᠲᠥᠪᠯᠡᠷᠡᠭᠦᠯᠬᠦ ᠬᠡᠷᠡᠭᠲᠡᠢ᠃ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ | ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢᠨ ᠲᠦᠷᠦᠭᠦᠯᠡᠨ ᠵᠣᠬᠢᠶᠠᠨ ᠪᠠᠶᠢᠭᠤᠯᠤᠭᠴᠢ ᠪᠣᠯᠤᠭᠰᠠᠨ ᠤ | ᠬᠤᠪᠢ ᠳᠤ᠂ ᠪᠦᠷᠢᠯᠳᠦᠭᠦᠨ ᠨᠢᠭᠡᠴᠡ ᠶᠢᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ | ᠲᠦᠷᠦᠯ ᠤᠨ ᠲᠦᠷᠦ ᠶᠢᠨ ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠤᠨ ᠬᠢᠨ ︽ | ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠦᠭᠵᠢᠭᠦᠯᠦᠨ ᠮᠠᠨᠳᠣᠭᠤᠯᠬᠤ︾ ᠠᠵᠢᠯᠯᠠᠭ᠎ᠠ ᠶᠢ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠯᠪᠣᠭᠳᠠᠯ ᠪᠦᠬᠦᠢ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ | ᠬᠤᠯᠪᠣᠭᠳᠠᠯ ᠪᠦᠬᠦᠢ ᠲᠦᠷᠦᠯ ᠵᠦᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ | ᠠᠬᠢᠭᠤᠯᠬᠤ ᠲᠦᠷᠦᠯ ᠵᠦᠢᠯ ᠤᠨ ᠬᠥᠮᠥᠷᠭᠡ ᠳᠤ ᠤᠷᠢᠳᠠᠪᠠᠷ ᠣᠷᠣᠭᠤᠯᠵᠤ᠂ ᠬᠤᠪᠢ ᠶᠢᠨ ᠡᠵᠡᠩᠨᠡᠯᠲᠡ ᠶᠢᠨ ᠠᠵᠤ | ᠠᠬᠤᠶᠢᠯᠠᠯ ᠳᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠰ ᠲᠤ ᠣᠷᠤᠯᠴᠠᠬᠤ | ᠲᠠᠪᠴᠠᠩ ᠢ ᠬᠠᠩᠭᠠᠵᠤ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠢ ᠳᠡᠮᠵᠢᠬᠦ ᠦᠢᠯᠡᠴᠢᠯᠡᠭᠡ ᠶᠢ | ᠴᠢᠩᠭᠠᠳᠬᠠᠵᠤ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ︽ᠲᠦᠮᠡᠨ ᠠᠵᠤ ᠠᠬᠤᠶᠢᠯᠠᠯ ᠢᠶᠠᠷ ᠲᠦᠮᠡᠨ | ᠲᠣᠰᠬᠤᠨ ᠢ ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ ᠳᠤ ᠣᠷᠤᠯᠴᠠᠬᠤ ᠳᠤ ᠰᠠᠶᠢᠨ ᠰᠠᠶᠢᠬᠠᠨ ᠣᠷᠴᠢᠨ | ᠲᠣᠭᠤᠷᠢᠨ ᠢ ᠡᠭᠦᠳᠴᠦ ᠥᠭᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠯᠪᠤᠭᠠᠯᠠᠨ | ᠬᠠᠮᠵᠢᠯᠴᠠᠵᠤ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠦᠭᠵᠢᠭᠦᠯᠦᠨ ᠮᠠᠨᠳᠤᠭᠤᠯᠬᠤ︾ ᠰᠢᠨ᠎ᠡ | ᠠᠷᠭ᠎ᠠ ᠬᠡᠯᠪᠡᠷᠢ᠂ ᠰᠢᠨ᠎ᠡ ᠠᠷᠭ᠎ᠠ ᠵᠠᠮ ᠢ ᠲᠠᠰᠤᠷᠠᠯᠳᠡ ᠦᠭᠡᠢ ᠰᠦᠪᠡᠭᠴᠢᠯᠡᠵᠦ᠂ ᠬᠥᠳᠡᠭᠡ ᠠᠵᠤ ᠠᠬᠤᠢ ᠶᠢᠨ ᠠᠵᠤ | ᠦᠢᠯᠡᠰ ᠤᠨ ᠦᠢᠯᠡᠳᠪᠦᠷᠢᠯᠡᠯ ᠤᠨ ᠬᠦᠴᠦᠨ ᠵᠦᠢᠯ ᠢ ᠨᠡᠩ ᠶᠡᠭᠡ ᠬᠡᠪᠴᠢᠶ᠎ᠡ᠂ ᠨᠡᠩ ᠥᠨᠳᠥᠷ ᠲᠡᠰ | ᠳᠠᠪᠬᠤᠷᠭ᠎ᠠ ᠳᠤ ᠲᠣᠬᠢᠷᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠳᠠᠪᠠᠭᠤᠯᠢᠭ ᠢ ᠬᠠᠮᠲᠤᠪᠠᠷ ᠴᠢᠨᠡᠭᠡᠯᠢᠭᠵᠢᠬᠦ | ᠪᠦᠬᠦ ᠲᠠᠯ᠎ᠠ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ︽ᠵᠠᠷᠤᠳ ᠬᠤᠰᠢᠭᠤᠨ ᠤ ︿ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ | ᠬᠦᠭᠵᠢᠭᠦᠯᠦᠨ ᠮᠠᠨᠳᠤᠭᠤᠯᠬᠤ﹀ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠵᠢᠴᠢ ︽ᠵᠠᠷᠤᠳ ᠬᠤᠰᠢᠭᠤᠨ ᠤ ︿ | ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠦᠭᠵᠢᠭᠦᠯᠦᠨ ᠮᠠᠨᠳᠤᠭᠤᠯᠬᠤ﹀ ᠠᠵᠢᠯᠯᠠᠭ᠎ᠠ ᠶᠢᠨ | ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠢ ᠮᠡᠳᠡᠭᠳᠡᠯ︾ ᠢ ᠤᠩᠰᠢᠨ ᠨᠡᠶᠢᠲᠡᠯᠡᠪᠡ᠃ ᠬᠤᠰᠢᠭᠤᠨ ᠤ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠤ ︽ᠲᠦᠮᠡᠨ | ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢᠨ ᠤᠳᠤᠷᠢᠳᠬᠤ | ᠳᠤᠭᠤᠶᠢᠯᠠᠩ ᠤᠨ ᠲᠥᠯᠥᠭᠡᠯᠡᠭᠴᠢ᠂ ᠠᠵᠤ ᠠᠬᠤᠶᠢᠯᠠᠯᠲᠠᠨ ᠤ ᠲᠥᠯᠥᠭᠡᠯᠡᠭᠴᠢ᠂ ᠭᠠᠴᠠᠭ᠎ᠠ ᠲᠣᠰᠬᠤᠨ ᠤ | ᠲᠥᠯᠥᠭᠡᠯᠡᠭᠴᠢ ᠲᠣᠰ ᠪᠦᠷᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠲᠣᠰᠬᠤᠨ ᠪᠠ ᠠᠵᠤ ᠠᠬᠤᠶᠢᠯᠠᠯ ᠤᠨ | ᠲᠥᠯᠥᠭᠡᠯᠡᠭᠴᠢ ᠠᠴᠠ ᠵᠠᠷᠤᠳ ᠬᠤᠰᠢᠭᠤᠨ ᠤ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ | ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢᠨ ᠲᠣᠰᠬᠤᠨ ᠠᠵᠤ ᠠᠬᠤᠶᠢᠯᠠᠯ ᠬᠤᠯᠪᠣᠭ᠎ᠠ ᠪᠠᠶᠢᠭᠤᠯᠬᠤ | ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠪᠠ᠃ |