ᠲᠦᠩᠯᠢᠶᠣᠣ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠭᠤᠷᠪᠠᠳᠤᠭᠠᠷ ᠬᠢᠨᠠᠨ ᠵᠢᠯᠤᠭᠤᠳᠬᠤ ᠳᠤᠭᠤᠶᠢᠯᠠᠩ ᠬᠢᠨ ᠵᠠᠷᠤᠳ ᠬᠤᠰᠢᠭᠤᠨ ᠳᠤ ᠢᠷᠡᠵᠦ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/5/12
   5 ᠰᠠᠷ᠎ᠠ ᠶᠢᠨ 10 ᠤ ᠡᠳᠦᠷ᠂ ᠲᠦᠩᠯᠢᠶᠣᠣ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢᠦ ᠳ᠋ᠦᠩ ᠮᠧᠶ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠭᠤᠷᠪᠠᠳᠤᠭᠠᠷ ᠬᠢᠨᠠᠨ ᠵᠢᠯᠤᠭᠤᠳᠬᠤ ᠳᠤᠭᠤᠶᠢᠯᠠᠩ  ᠬᠢᠨ ᠵᠠᠷᠤᠳ ᠬᠤᠰᠢᠭᠤᠨ ᠳᠤ ᠢᠷᠡᠵᠦ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠭᠰᠠᠨ ᠪᠥᠭᠡᠳ 34 ᠳ᠋ᠦ᠋ᠭᠡᠷ ᠤᠳᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢᠨ ᠬᠢᠨᠠᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠯᠦᠪᠸᠢ ᠵᠡᠭᠡᠯᠢ ᠭᠤᠳᠤᠮᠵᠢ᠂ ᠯᠦᠪᠸᠢ ᠪᠠᠯᠭᠠᠰᠤ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠥᠪ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠠᠴᠠ ᠬᠤᠲᠠ ᠶᠢᠨ ᠳᠦᠷᠰᠦ ᠪᠠᠶᠢᠳᠠᠯ ᠤᠨ ᠬᠠᠮᠢᠶᠠᠷᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠦᠳᠡᠭᠡ ᠲᠣᠰᠬᠤᠨ ᠮᠠᠯᠵᠢᠬᠤ ᠣᠷᠣᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠭᠰᠡᠨ ᠵᠡᠷᠭᠡ ᠲᠠᠯ᠎ᠠ ᠪᠠᠷ ᠪᠥᠬᠦ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢ ᠪᠡᠶᠡᠯᠡᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃
   ᠬᠠᠷᠢᠭᠤ ᠮᠡᠳᠡᠭᠦᠯᠦᠯᠲᠡ ᠰᠣᠨᠣᠰᠤᠭᠰᠠᠨ ᠤ ᠲᠠᠷᠠᠭ᠎ᠠ᠂ ᠯᠢᠦ ᠳ᠋ᠦᠩ ᠮᠧᠢ ᠱᠠᠭᠠᠷᠳᠠᠭᠰᠠᠨ ᠨᠢ᠂ ᠵᠠᠷᠤᠳ ᠬᠤᠰᠢᠭᠤᠨ ᠤ ᠬᠢᠨ ᠪᠠᠷᠢᠯᠭ᠎ᠠ ᠶᠢᠨ ᠬᠤᠭ ᠨᠣᠪᠰᠢ ᠪᠤᠯᠠᠬᠤ ᠲᠠᠯᠠᠪᠠᠢ᠂ ᠵᠡᠭᠡᠯᠢ ᠳᠠᠭᠠᠤ ᠶᠢᠨ ᠵᠢᠮᠢᠰ ᠤᠨ ᠬᠠᠶᠢᠷᠴᠠᠭ᠂ ᠬᠤᠭ ᠨᠣᠪᠰᠢ ᠶᠢᠨ ᠬᠠᠶᠢᠷᠴᠠᠭ᠂ ᠬᠤᠭ ᠨᠣᠪᠰᠢ ᠳᠠᠮᠵᠢᠭᠤᠯᠬᠤ ᠦᠷᠳᠡᠭᠡ ᠵᠢᠴᠢ ᠨᠡᠶᠢᠲᠡ ᠶᠢᠨ ᠵᠣᠷᠯᠣᠩ ᠵᠡᠷᠭᠡ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠬᠤᠲᠠ ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠵᠤ᠂ ᠨᠡᠶᠢᠭᠡᠮ ᠤᠨ  ᠠᠷᠢᠭᠤᠨ ᠴᠡᠪᠡᠷ ᠤᠨ ᠬᠠᠮᠢᠶᠠᠷᠤᠯᠲᠠ ᠶᠢ ᠴᠢᠩᠭᠠᠳᠬᠠᠨ᠂ ᠠᠷᠢᠭᠤᠨ ᠴᠡᠪᠡᠷ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠬᠤᠭ ᠨᠣᠪᠰᠢ ᠪᠣᠬᠢᠷ ᠤᠰᠤ ᠶᠢ ᠶᠡᠷᠦᠩᠬᠡᠶᠢᠯᠡᠨ ᠵᠠᠰᠠᠬᠤ ᠶᠢ ᠰᠢᠰᠲ᠋ᠧᠮ ᠲᠠᠢ ᠬᠡᠷᠡᠭᠵᠢᠭᠦᠯᠵᠦ᠂ ᠠᠷᠢᠭᠤᠨ ᠴᠡᠪᠡᠷ ᠰᠢᠶᠠᠨ ᠤ ᠬᠤᠲᠠ ᠶᠢ ᠡᠭᠦᠳᠦᠨ ᠪᠠᠶᠢᠭᠤᠯᠣᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃
   ᠬᠤᠷᠠᠯ ᠤᠨ ᠳᠠᠷᠠᠭ᠎ᠠ᠂ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠯᠦᠪᠸᠢ ᠵᠡᠭᠡᠯᠢ ᠭᠤᠳᠤᠮᠵᠢ ᠶᠢᠨ ᠢᠦᠢ ᠯᠦᠩ ᠨᠡᠶᠢᠭᠡᠮ ᠲᠣᠭᠤᠷᠢᠭ᠂ ᠰᠢᠶᠠᠩ ᠭᠧ ᠯᠢ ᠯᠡ ᠨᠡᠶᠢᠭᠡᠮ ᠲᠣᠭᠤᠷᠢᠭ ᠤᠨ ᠨᠡᠶᠢᠲᠡ ᠶᠢᠨ ᠵᠣᠷᠯᠣᠩ᠂ ᠬᠤᠭ ᠨᠣᠪᠰᠢ ᠳᠠᠮᠵᠢᠭᠤᠯᠬᠤ ᠥᠷᠲᠡᠭᠡ ᠵᠢᠴᠢ ᠵᠠᠷᠢᠮ ᠢᠳᠡᠭᠡᠨ ᠤᠮᠳᠠᠭᠠᠨ᠂ ᠬᠤᠨᠤᠭ ᠤᠨ ᠪᠠᠭᠤᠳᠠᠯ ᠤᠨ ᠠᠵᠤ ᠠᠬᠤᠶᠢᠯᠠᠯ ᠳᠤ ᠬᠦᠷᠴᠦ᠂ ᠪᠥᠬᠦ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠥᠷᠨᠢᠭᠦᠯᠦᠭᠰᠡᠨ ᠪᠠᠶᠢᠳᠠᠯ᠂ ᠲᠠᠮᠠᠬᠢ ᠬᠢᠵᠠᠭᠠᠷᠯᠠᠬᠤ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ᠂ ᠬᠤᠯᠤᠭᠠᠨ᠎ᠠ ᠤᠰᠠᠳᠬᠠᠬᠤ ᠰᠡᠷᠭᠡᠶᠢᠯᠡᠬᠦ ᠲᠥᠬᠦᠭᠡᠷᠦᠮᠵᠢ ᠶᠢᠨ ᠲᠣᠬᠢᠷᠠᠭᠤᠯᠣᠯᠲᠠ᠂ ᠬᠤᠭ ᠨᠣᠪᠰᠢ ᠶᠢ ᠲᠥᠷᠥᠯ ᠬᠤᠪᠢᠶᠠᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ ᠪᠠᠶᠢᠴᠠᠭᠠᠵᠤ᠂ ᠵᠢᠴᠢ ᠬᠢᠨᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ ᠬᠢᠨᠠᠨ ᠪᠠᠶᠢᠴᠠᠭᠠᠬᠤ ᠳᠤᠭᠤᠶᠢᠯᠠᠩ ᠬᠢᠨ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠪᠠᠶᠢᠭᠤᠯᠤᠯᠭ᠎ᠠ ᠨᠢᠭᠡᠴᠡ ᠶᠢᠨ ᠬᠢᠨ ᠲᠠᠨᠢᠯᠲᠠ ᠪᠠᠨ ᠣᠯᠠᠮ ᠨᠢᠭᠡ ᠠᠯᠬᠤᠮ ᠳᠡᠭᠡᠭᠰᠢᠯᠡᠭᠦᠯᠵᠦ᠂ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ︾ ᠤ ᠠᠵᠢᠯᠯᠠᠭ᠎ᠠ ᠶᠢ ᠣᠳᠣᠬᠠᠨ ᠤ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠠᠬᠢᠭᠤᠯᠬᠤ ᠬᠠᠮᠲᠤᠷᠠᠯ ᠤᠨ ᠬᠦᠴᠦᠨ ᠪᠦᠷᠢᠯᠳᠦᠭᠦᠯᠵᠦ᠂ ᠠᠵᠢᠯ ᠢᠶᠠᠨ ᠪᠦᠬᠦ ᠲᠠᠯ᠎ᠠ ᠪᠠᠷ ᠥᠷᠨᠢᠭᠦᠯᠵᠦ᠂ ᠬᠠᠷᠠᠯᠲᠠ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠳᠠᠭᠤᠷᠢᠶᠠᠵᠤ᠂ ᠤᠯᠠᠨ ᠠᠷᠭ᠎ᠠ ᠵᠠᠮ ᠤᠯᠠᠨ ᠬᠡᠯᠪᠡᠷᠢ ᠶᠢᠨ ᠤᠬᠠᠭᠤᠯᠭ᠎ᠠ ᠥᠷᠨᠢᠭᠦᠯᠵᠦ᠂ ᠺᠠᠳ᠋ᠷ ᠤᠯᠠᠨ ᠲᠦᠮᠡᠨ ᠢ ᠲᠠᠶᠢᠴᠢᠯᠠᠨ ᠬᠥᠲᠥᠯᠥᠨ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠡᠨᠡ ᠬᠦ ᠠᠵᠢᠯ ᠳᠤ ᠣᠷᠣᠯᠴᠠᠭᠤᠯᠵᠤ᠂ ᠡᠷᠡᠭᠦᠯ ᠪᠣᠯᠪᠠᠰᠤᠨ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ︔ ᠠᠯᠳᠠᠭ᠎ᠠ ᠢᠶᠠᠨ ᠪᠠᠶᠢᠴᠠᠭᠠᠵᠤ᠂ ᠳᠣᠲᠠᠭᠳᠠᠯ ᠢᠶᠠᠨ ᠨᠥᠬᠦᠪᠦᠷᠢᠯᠡᠵᠦ᠂ ᠨᠢᠭᠡ ᠪᠦᠯᠦᠭ ᠤᠷᠳᠤ ᠬᠤᠭᠤᠴᠠᠭ᠎ᠠ ᠬᠠᠮᠢᠶᠠᠷᠴᠤ ᠳᠡᠶᠢᠯᠬᠦ᠂ ᠤᠷᠳᠤ ᠬᠤᠭᠤᠴᠠᠭ᠎ᠠ ᠠᠰᠢᠭᠲᠠᠢ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠭᠦᠨᠵᠡᠭᠡᠢ ᠥᠷᠨᠢᠭᠦᠯᠬᠦ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号