ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠨ ᠵᠠᠷᠤᠳ ᠬᠤᠰᠢᠭᠤᠨ ᠳᠤ ᠢᠷᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/5/13
   5 ᠰᠠᠷ᠎ᠠ ᠶᠢᠨ 10 ᠠᠴᠠ 11 ᠤ ᠡᠳᠦᠷ ᠪᠣᠯᠲᠠᠯ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠪᠦᠦ ᠯᠠᠨ ᠹᠠᠩ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠦᠨᠳᠦᠰᠦᠲᠡᠨ ᠬᠠᠷᠢᠶᠠᠲᠤ ᠶᠢᠨ ᠶᠠᠪᠤᠳᠠᠯ ᠭᠠᠳᠠᠭᠠᠳᠤ ᠶᠠᠪᠤᠳᠠᠯ ᠵᠢᠭᠤᠯᠴᠢᠯᠠᠯ ᠤᠨ ᠠᠵᠢᠯ ᠤᠨ ᠵᠥᠪᠯᠡᠯ ᠂ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠣᠷᠴᠢᠨ ᠲᠣᠭᠤᠷᠢᠨ ᠡᠬᠢ ᠪᠠᠶᠠᠯᠢᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠪᠠ ᠵᠠᠷᠢᠮ ᠬᠤᠲᠠ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠮᠢᠶ᠎ᠠ ᠪᠦᠬᠦᠢ ᠨᠥᠬᠦᠳ ᠢᠶᠠᠷ ᠪᠦᠷᠢᠯᠳᠦᠭᠰᠡᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ᠂ ᠵᠠᠷᠤᠳ ᠬᠤᠰᠢᠭᠤᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠠᠵᠢᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠦ᠋ ᠴᠢᠩ ᠬᠠᠢ᠂ ᠳᠡᠳ᠋ ᠡᠷᠬᠢᠯᠡᠭᠴᠢ ᠵᠠᠩ ᠴᠦᠨ ᠾᠦᠢ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃
   ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠳᠤᠭᠤᠶᠢᠯᠠᠩ ᠬᠢᠨ ᠤᠷᠢᠳ ᠬᠤᠵᠢᠳ ᠪᠠᠶᠠᠷᠲᠤᠬᠤᠰᠢᠭᠤ ᠪᠠᠯᠭᠠᠰᠤ ᠶᠢᠨ ᠲᠥᠪᠰᠢᠨ ᠭᠠᠴᠠᠭ᠎ᠠ᠂ ᠬᠤᠰᠢᠭᠤᠨ ᠤ ᠰᠤᠷᠭᠠᠨ ᠬᠥᠮᠦᠵᠢᠯ ᠤᠨ  ᠲᠣᠭᠤᠷᠢᠭ ᠤᠨ ᠬᠡᠦᠬᠡᠳ ᠤᠨ ᠴᠡᠴᠡᠷᠯᠢᠭ᠂  ᠯᠦᠪᠸᠢ ᠵᠡᠭᠡᠯᠢ ᠭᠤᠳᠤᠮᠵᠢ ᠶᠢᠨ ᠹᠦ᠋ ᠯᠢ ᠴᠦᠨ ᠴᠧᠩ ᠨᠡᠶᠢᠭᠡᠮ ᠲᠣᠭᠤᠷᠢᠭ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠵᠠᠷᠤᠳ ᠬᠤᠰᠢᠭᠤᠨ ᠤ ︽ᠳᠦᠷᠢᠮ︾  ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ ᠰᠠᠭᠤᠳᠠᠯ ᠤᠨ ᠬᠤᠷᠠᠯ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠭᠰᠡᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠵᠢᠯᠣᠭᠤᠳᠤᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃
   ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠳᠤᠭᠤᠶᠢᠯᠠᠩ ᠤᠨ ᠬᠢᠨ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠣᠯᠣᠭᠰᠠᠨ ᠦᠷ᠎ᠡ ᠪᠦᠲᠦᠮᠵᠢ ᠵᠢᠴᠢ ︽ᠳᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠢ ᠭᠦᠢᠴᠡᠳ ᠨᠤᠲᠠᠯᠠᠪᠠ᠃ ᠪᠦᠦ ᠯᠠᠨ ᠹᠠᠩ ᠵᠢᠭᠠᠪᠣᠷᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠢ ᠴᠢᠩᠭᠠᠳᠬᠠᠨ᠂ ᠵᠢᠯᠣᠭᠤᠳᠤᠯᠭ᠎ᠠ ᠪᠣᠯᠪᠠᠰᠤᠷᠠᠭᠤᠯᠤᠯ ᠢ ᠭᠦᠨᠵᠡᠭᠡᠶᠢᠷᠡᠭᠦᠯᠬᠦ ᠬᠡᠷᠡᠭᠲᠡᠢ᠃ ᠣᠨᠴᠠᠭᠠᠶᠢᠯᠠᠨ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠤᠷᠴᠤ ᠮᠡᠳᠡᠨ ᠨᠡᠪᠲᠡᠷᠡᠬᠡᠢ ᠣᠶᠢᠯᠠᠭᠠᠵᠤ᠂ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠡᠭᠡᠷ᠎ᠡ ᠪᠠᠨ ᠨᠢᠭᠡᠳᠭᠡᠵᠦ᠂ ᠵᠠᠷᠤᠳ ᠬᠤᠰᠢᠭᠤᠨ ᠤ ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠳᠤᠯ ᠦᠭᠡᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠰᠢᠭ ᠬᠦᠷᠲᠡᠭᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠡᠷᠡᠭᠲᠡᠢ᠃ ᠦᠢᠯᠡᠴᠢᠯᠡᠭᠡ ᠪᠠᠨ ᠴᠢᠩᠭᠠᠳᠬᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠪᠠᠷ ᠬᠠᠤᠯᠢ ᠪᠠᠷ ᠵᠠᠰᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠠᠤᠯᠢ ᠴᠠᠭᠠᠵᠠ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠠᠲᠤᠯᠠᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ᠂ ᠦᠢᠯᠡᠴᠢᠯᠡᠭᠡᠨ ᠤ ᠴᠢᠳᠠᠪᠣᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠰᠢᠯᠣᠭᠤᠨ ᠰᠢᠳᠣᠷᠭᠤ ᠪᠠᠷ ᠤᠯᠠᠨ ᠲᠦᠮᠡᠨ ᠳᠤ ᠦᠨᠡᠨ ᠪᠣᠳᠠᠲᠠᠢ᠂ ᠰᠠᠶᠢᠨ ᠶᠠᠪᠤᠳᠠᠯ ᠬᠢᠵᠦ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠨ ᠲᠠᠯᠪᠢᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠠᠵᠢᠯ ᠢ ᠦᠨᠡᠨ ᠪᠣᠳᠠᠲᠠᠢ ᠪᠥᠭᠡᠳ ᠨᠠᠷᠢᠯᠢᠭ ᠬᠢᠵᠦ᠂ ᠤᠳᠤᠷᠢᠳᠬᠤ ᠺᠠᠳ᠋ᠷᠴᠤᠳ ᠤᠨ ᠦᠪᠡᠷ ᠢ ᠪᠠᠨ ᠵᠣᠷᠢᠭᠤᠯᠬᠤ ᠵᠢᠭᠠᠯᠲᠠ ᠲᠤᠭ᠎ᠠ ᠪᠠᠷ ᠠᠷᠠᠳ ᠤᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠣᠯᠢᠵᠤ ᠠᠪᠴᠢᠷᠠᠬᠤ ᠬᠡᠷᠡᠭᠲᠡᠢ ᠭᠡᠪᠡ᠃
   ᠪᠦᠦ ᠯᠠᠨ ᠹᠠᠩ ᠴᠢᠬᠤᠯᠠᠴᠢᠯᠠᠭᠰᠠᠨ ᠨᠢ᠂ ᠤᠬᠠᠭᠤᠯᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠤᠬᠠᠭᠤᠯᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠤᠬᠠᠭᠤᠯᠬᠤ ᠡᠲᠡᠭᠡᠳ ᠢᠶᠠᠨ ᠢᠯᠭᠠᠵᠤ᠂ ᠠᠳᠠᠯᠢ ᠪᠤᠰᠤ ᠬᠠᠮᠲᠤᠯᠢᠭ ᠤᠨ ᠤᠬᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠤᠬᠠᠭᠤᠯᠭ᠎ᠠ ᠬᠥᠮᠦᠵᠢᠯ ᠤᠨ ᠠᠷᠭ᠎ᠠ ᠬᠡᠯᠪᠡᠷᠢ ᠪᠠ ᠠᠭᠤᠯᠭ᠎ᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠤᠬᠠᠭᠤᠯᠭ᠎ᠠ ᠶᠢᠨ ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠦᠯᠢᠭᠡᠷ᠂ ᠬᠤᠯᠪᠣᠭ᠎ᠠ᠂ ᠵᠠᠷᠣᠳ ᠪᠠᠷ ᠵᠢᠷᠤᠭ ᠵᠡᠷᠭᠡ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠬᠡᠯᠪᠡᠷᠢ ᠪᠠᠷ ᠳᠠᠮᠵᠢᠨ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠳᠡᠷᠭᠡᠳᠡᠬᠢ ᠨᠡᠶᠢᠲᠡᠯᠢᠭ ᠵᠢᠱᠢᠶ᠎ᠡ ᠶᠢ ᠠᠭᠤᠳᠠᠯᠤᠨ ᠳᠡᠯᠭᠡᠷᠡᠭᠦᠯᠵᠦ᠂ ᠥᠷᠭᠡᠨ ᠤᠯᠠᠨ ᠲᠦᠮᠡᠨ ᠢ ᠬᠥᠲᠥᠯᠥᠨ ᠳᠠᠭᠠᠭᠤᠯᠵᠤ ᠪᠠᠶᠢᠭᠠᠳ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ  ᠮᠡᠳᠡᠷᠡᠬᠦ︾ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠲᠤᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ  ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠳᠦᠷᠢᠮ︾ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠡᠭᠦᠷᠭᠡ ᠬᠠᠷᠢᠭᠤᠴᠠᠯᠭ᠎ᠠ ᠪᠠ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠬᠠᠮᠵᠢᠯᠴᠠᠨ ᠬᠦᠴᠦᠯᠡᠵᠦ᠂ ᠨᠢᠭᠡ ᠬᠥᠯᠭᠡ ᠰᠢᠲᠠᠷ᠎ᠠ ᠰᠢᠭ᠋ ᠲᠦᠯᠬᠢᠨ ᠠᠬᠢᠭᠤᠯᠵᠤ᠂ ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠤᠨ ᠠᠵᠢᠯ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃    ᠦ᠋ ᠴᠢᠩ ᠬᠠᠢ ᠣᠪᠣᠷ ᠢᠶᠠᠨ ᠢᠯᠡᠳᠬᠡᠬᠦ ᠦᠭᠡ ᠬᠡᠯᠡᠬᠦ ᠳᠡᠭᠡᠨ᠂ ᠲᠣᠰ ᠤᠳᠠᠭ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠳᠤᠭᠤᠶᠢᠯᠠᠩ   ᠬᠢᠨ ᠵᠠᠷᠤᠳ ᠬᠤᠰᠢᠭᠤᠨ ᠳᠤ ᠢᠷᠡᠵᠦ ︽ᠳᠦᠷᠢᠮ︾ ᠢ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠵᠠᠷᠤᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠬᠦᠷᠦᠯᠴᠡᠬᠦ ᠦᠭᠡᠢ ᠲᠠᠯ᠎ᠠ ᠶᠢ ᠡᠷᠢᠨ ᠭᠠᠷᠭᠠᠵᠤ᠂ ᠴᠢᠭᠯᠡᠯ ᠢ ᠵᠢᠭᠠᠨ ᠥᠭᠴᠦ᠂ ᠵᠢᠷᠤᠮᠯᠠᠯ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠠᠵᠢᠯ ᠤᠨ ᠳᠣᠲᠠᠭᠳᠠᠯ ᠢᠶᠠᠨ ᠨᠥᠬᠦᠪᠦᠷᠢᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ︽ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠳᠦᠷᠢᠮ︾ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠣᠯᠠᠨ ᠶᠠᠩᠵᠤ ᠶᠢᠨ ᠬᠡᠯᠪᠡᠷᠢ ᠲᠠᠢ ᠂ ᠪᠦᠲᠦᠮᠵᠢᠲᠡᠶ ᠠᠷᠭ᠎ᠠ ᠪᠠᠷ ᠳᠠᠮᠵᠢᠨ᠂ ᠪᠥᠬᠦ ᠬᠤᠰᠢᠭᠤᠨ ᠤ ᠬᠡᠪᠴᠢᠶᠡᠨ ᠳᠤ ᠰᠠᠶᠢᠨ ᠰᠠᠶᠢᠬᠠᠨ ᠤᠬᠠᠭᠤᠯᠭ᠎ᠠ ᠬᠥᠮᠦᠵᠢᠯ ᠤᠨ ᠠᠭᠤᠷ ᠠᠮᠢᠰᠬᠤᠯ ᠢ ᠪᠣᠶ ᠪᠣᠯᠭᠠᠨ᠎ᠠ᠃ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾᠂ ︽ᠰᠡᠬᠡᠭᠡᠲᠡᠨ ᠵᠠᠯᠠᠭᠤᠴᠤᠳ ᠤᠨ ᠳᠤᠷᠠᠰᠬᠠᠯ ᠤᠨ ᠣᠷᠳᠣᠨ︾᠂ ︽ᠬᠤᠪᠢᠰᠬᠠᠯ ᠤᠨ ᠲᠡᠦᠬᠡ ᠶᠢᠨ ᠮᠦᠽᠧᠢ︾ ᠵᠡᠷᠭᠡ ᠲᠠᠯᠠᠪᠤᠷ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠭᠰᠠᠭᠠᠯ ᠤᠨ ᠭᠠᠵᠠᠷ ᠢ ᠪᠠᠬᠢᠵᠢᠭᠦᠯᠬᠦ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠥᠮᠦᠵᠢᠯ ᠤᠨ ᠰᠠᠭᠤᠷᠢᠨ ᠪᠣᠯᠭᠠᠨ ᠪᠠᠶᠢᠭᠤᠯᠵᠤ᠂ ᠠᠳᠠᠯᠢ ᠪᠤᠰᠤ ᠬᠠᠷᠠᠭᠠᠰᠤ᠂ ᠠᠳᠠᠯᠢ ᠪᠤᠰᠤ ᠲᠠᠰ ᠳᠠᠪᠬᠤᠷᠭ᠎ᠠ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠬᠥᠲᠥᠯᠥᠨ ᠵᠢᠯᠣᠭᠤᠳᠤᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号