ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠤᠯᠤᠰ ᠤᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠤᠬᠠᠢ ᠲᠦᠩᠯᠢᠶᠣᠣ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠢ ᠪᠠᠶᠢᠷᠢᠯᠠᠭᠤᠯᠤᠯᠲᠠ ᠪᠠ ᠠᠯᠠᠰᠢᠨ ᠦᠬᠡᠷ ᠤᠨ ᠠᠵᠤ ᠦᠢᠯᠡᠰ ᠤᠨ | ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠲᠤᠬᠠᠢ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠠᠯᠠᠰᠢᠨ ᠦᠬᠡᠷ ᠤᠨ ᠲᠡᠵᠢᠭᠡᠪᠤᠷᠢ ᠶᠢᠨ ᠤᠶᠢᠯᠡᠰ ᠢ ᠪᠥᠬᠦ ᠵᠢᠯ ᠢᠶᠠᠷ ᠡᠵᠡᠩᠨᠡᠬᠦ᠂ ᠠᠵᠤ | ᠦᠶᠢᠯᠡᠰᠵᠢᠭᠦᠯᠦᠨ ᠨᠢᠭᠡᠳᠭᠡᠬᠦ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ | ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠣᠲᠣ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠬᠦ ᠶᠢᠨ | ᠲᠦᠯᠤᠭᠡ᠂ ︽ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︿ᠲᠦᠩᠯᠢᠶᠣᠣ | ᠬᠤᠲᠠ ᠶᠢᠨ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ︵ | 2021 ︱ 2025 ᠣᠨ︶ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ﹀︾ ᠤᠨ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠵᠢᠯᠯᠠᠭᠠᠨ ᠤ | ᠲᠥᠯᠥᠪᠯᠡᠭᠡ ᠶᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︽2022 ᠣᠨ ᠤ ᠵᠠᠷᠤᠳ ᠬᠤᠰᠢᠭᠤᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ︾ ᠨᠢ ᠵᠢᠯᠤᠭᠤᠳᠬᠤ ᠦᠵᠡᠯ ᠰᠠᠨᠠᠭ᠎ᠠ᠂ ᠪᠠᠷᠢᠮᠲᠠᠯᠠᠬᠤ ᠵᠠᠷᠴᠢᠮ᠂ | ᠬᠥᠭᠵᠢᠯᠲᠡ ᠶᠢᠨ ᠬᠠᠷᠠᠯᠲᠠ᠂ ᠭᠤᠣᠯ ᠠᠷᠭ᠎ᠠ ᠬᠡᠮᠵᠢᠶ᠎ᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠲᠠᠪᠤᠨ | ᠬᠡᠰᠡᠭ ᠢᠶᠠᠷ ᠪᠦᠷᠢᠯᠳᠤᠪᠡ᠃ | ᠨᠢᠭᠡᠳᠦᠭᠡᠷ ᠬᠡᠰᠡᠭ ᠵᠢᠯᠤᠭᠤᠳᠬᠤ ᠦᠵᠡᠯ ᠰᠠᠨᠠᠭ᠎ᠠ | ᠲᠦᠩᠯᠢᠶᠣᠣ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠤᠰ ᠤᠨ ᠴᠢᠨᠠᠷ ᠰᠠᠶᠢᠲᠠᠢ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠤᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠠᠴᠠ ᠲᠤᠭᠳᠠᠭᠰᠠᠨ ᠵᠡᠭᠦᠨ ᠬᠡᠰᠡᠭ ᠤᠨ ᠭᠠᠵᠠᠷ ᠣᠷᠣᠨ ᠤ ᠪᠣᠬᠢᠷᠳᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠢ ᠥᠨᠳᠥᠷ | ᠪᠦᠲᠦᠮᠵᠢᠲᠡᠶ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠤᠬᠠᠢ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠤᠭᠡ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ | ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ᠂ ᠦᠵᠡᠯᠲᠡ ᠪᠠᠨ ᠰᠢᠨᠡᠳᠬᠡᠨ᠂ ᠠᠷᠭ᠎ᠠ ᠮᠠᠶ᠋ᠢᠭ ᠢᠶᠠᠨ | ᠬᠤᠪᠢᠷᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠨ᠂ | ᠰᠢᠨᠵᠢᠯᠡᠭᠡ ᠮᠡᠷᠭᠡᠵᠢᠯ ᠢᠶᠠᠷ ᠮᠠᠯ ᠠᠵᠤ ᠠᠬᠤᠢ ᠶᠢ ᠬᠥᠭᠵᠢᠭᠦᠯᠬᠦ᠂ ᠶᠠᠰᠤ ᠴᠢᠨᠠᠷ ᠢᠶᠠᠷ ᠮᠠᠯ ᠠᠵᠤ ᠠᠬᠤᠢ ᠶᠢ | ᠬᠥᠭᠵᠢᠭᠦᠯᠬᠦ ᠶᠢ ᠪᠠᠷᠢᠮᠲᠠᠯᠠᠵᠤ᠂ ᠡᠪᠡᠰᠤ ᠪᠠᠷ ᠮᠠᠯ ᠢ ᠲᠣᠭᠲᠠᠭᠠᠬᠤ᠂ ᠦᠬᠡᠷ ᠢ ᠨᠡᠮᠡᠭᠳᠡᠭᠦᠯᠤᠨ ᠮᠠᠯ ᠠᠵᠤ ᠠᠬᠤᠢ ᠶᠢ | ᠬᠥᠭᠵᠢᠭᠦᠯᠬᠦ ᠶᠢ ᠪᠠᠷᠢᠮᠲᠠᠯᠠᠨ᠂ ᠵᠠᠬ᠎ᠠ ᠳᠡᠯᠭᠡᠭᠦᠷᠴᠢᠯᠡᠨ ᠡᠵᠡᠩᠨᠡᠬᠦ᠂ ᠬᠥᠷᠥᠩᠭᠡᠵᠢᠭᠦᠯᠦᠨ ᠠᠵᠢᠯᠯᠠᠭᠤᠯᠬᠤ ᠶᠢ | ᠪᠠᠷᠢᠮᠲᠠᠯᠠᠵᠤ᠂ ᠠᠯᠠᠰᠢᠨ ᠦᠬᠡᠷ ᠤᠨ ᠠᠵᠤ ᠦᠢᠯᠡᠰ ᠤᠨ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ | ᠳᠡᠭᠡᠭᠰᠢᠯᠡᠭᠦᠯᠬᠦ᠂ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠴᠢᠩᠭᠠᠷᠠᠭᠤᠯᠬᠤ᠂ ᠠᠵᠤ ᠦᠢᠯᠡᠰ ᠠᠵᠢᠯ ᠲᠦᠷᠤᠯ ᠢ | ᠬᠤᠯᠪᠤᠭᠠᠯᠠᠬᠤ ᠶᠢ ᠶᠡᠬᠡᠪᠡᠷ ᠠᠬᠢᠭᠤᠯᠵᠤ᠂ ︽ᠵᠠᠷᠤᠳ ᠲᠠᠯ᠎ᠠ ᠨᠤᠲᠤᠭ ᠤᠨ ᠦᠬᠡᠷ︾ ᠤᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ | ᠬᠤᠶᠠᠳᠤᠭᠠᠷ ᠬᠡᠰᠡᠭ ᠪᠠᠷᠢᠮᠳᠠᠯᠠᠬᠤ ᠵᠠᠷᠴᠢᠮ | ᠨᠢᠭᠡ ᠳᠤ᠂ ᠤᠷᠳᠤ ᠣᠬᠤᠷ ᠬᠤᠭᠤᠴᠠᠭ᠎ᠠ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ ᠬᠤᠶᠠᠷ ᠲᠤ ᠬᠡᠪ | ᠵᠠᠭᠪᠤᠷ ᠤᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠭᠤᠷᠪᠠ ᠳᠤ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠬᠦ ᠶᠢ | ᠪᠠᠷᠢᠮᠲᠠᠯᠠᠨ᠎ᠠ᠃ ᠳᠥᠷᠪᠡ ᠳᠤ ᠠᠰᠢᠭ ᠲᠤᠰᠠ ᠶᠢᠨ ᠬᠤᠯᠪᠣᠭᠠᠯᠠᠯ ᠢ ᠪᠠᠷᠢᠮᠲᠠᠯᠠᠨ᠎ᠠ᠃ ᠲᠠᠪᠤ ᠳᠤ ᠬᠤᠶᠢᠳᠤ ᠬᠡᠰᠡᠭ ᠲᠤ | ᠦᠷᠡᠵᠢᠭᠦᠯᠵᠦ ᠡᠮᠤᠨ᠎ᠡ ᠬᠡᠰᠡᠭ ᠲᠤ ᠪᠤᠷᠳᠤᠬᠤ ᠶᠢ ᠪᠠᠷᠢᠮᠲᠠᠯᠠᠨ᠎ᠠ᠃ | ᠭᠤᠷᠪᠠᠳᠤᠭᠠᠷ ᠬᠡᠰᠡᠭ ᠬᠥᠭᠵᠢᠯᠲᠡ ᠶᠢᠨ ᠬᠠᠷᠠᠯᠲᠠ | 2022 ᠣᠨ ᠤ ᠡᠴᠦᠰ ᠲᠤ᠂ ᠪᠥᠬᠦ ᠬᠤᠰᠢᠭᠤᠨ ᠤ ᠠᠯᠠᠰᠢᠨ ᠦᠬᠡᠷ ᠤᠨ ᠲᠤᠭ᠎ᠠ ᠶᠢ 60 ᠲᠦᠮᠡ ᠠᠴᠠ | ᠳᠡᠭᠡᠭᠰᠢ ᠬᠦᠷᠭᠡᠵᠦ᠂ ᠡᠭᠦᠨ ᠳᠤ ᠴᠢᠨᠠᠷ ᠰᠠᠶᠢᠲᠠᠢ ᠡᠬᠡ ᠮᠠᠯ ᠤᠨ ᠲᠤᠭ᠎ᠠ ᠶᠢ 42 ᠲᠦᠮᠡ᠂ ᠵᠢᠯ ᠳᠤ 18 ᠲᠦᠮᠡᠨ | ᠠᠯᠠᠰᠢᠨ ᠦᠬᠡᠷ ᠪᠣᠷᠣᠯᠠᠭᠤᠯᠤᠨ᠎ᠠ︔ ᠤᠳᠠᠭ᠎ᠠ ᠪᠦᠷᠢ 8000 ᠲᠤᠯᠤᠭᠠᠢ ᠠᠴᠠ ᠲᠡᠭᠡᠭᠰᠢ ᠠᠷᠠᠯᠵᠢᠶᠠᠯᠠᠬᠤ ᠵᠠᠬ᠎ᠠ | ᠳᠡᠯᠭᠡᠭᠦᠷ ᠪᠠ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 10 ᠲᠦᠮᠡᠨ ᠲᠣᠨ ᠤ ᠲᠡᠵᠢᠭᠡᠯ ᠪᠣᠷᠳᠤᠭ᠎ᠠ ᠶᠢᠨ | ᠦᠢᠯᠡᠳᠬᠡᠯ ᠤᠨ ᠲᠠᠯᠠᠪᠠᠶ ᠲᠣᠰ ᠲᠣᠰ ᠨᠢᠭᠡ ᠲᠥᠯᠥᠪᠵᠢᠭᠦᠯᠦᠨ ᠪᠠᠶᠢᠭᠤᠯᠤᠨ᠎ᠠ︔ ᠲᠠᠷᠢᠶᠠᠯᠠᠩ ᠮᠠᠯ ᠠᠵᠤ ᠠᠬᠤᠢ | ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢ ᠵᠣᠬᠢᠶᠠᠨ ᠪᠠᠶᠢᠭᠤᠯᠵᠤ ᠳᠠᠭᠤᠰᠬᠠᠨ᠂ ᠲᠡᠵᠢᠭᠡᠨ ᠦᠷᠡᠵᠢᠭᠦᠯᠬᠦ᠂ | ᠡᠵᠡᠩᠨᠡᠬᠦ᠂ ᠳᠠᠭᠠᠭᠠᠯᠲᠠ ᠬᠢᠬᠦ ᠭᠤᠷᠪᠠᠨ ᠠᠵᠢᠯ ᠢ ᠡᠬᠢᠯᠡᠨ ᠬᠢᠨ᠎ᠡ︔ ᠲᠥᠯᠥᠪᠯᠡᠭᠡ ᠪᠦᠷᠢᠯᠳᠤᠭ᠍ᠰᠡᠨ ᠤ ᠲᠠᠷᠠᠭ᠎ᠠ | ᠪᠥᠬᠦ ᠬᠤᠰᠢᠭᠤᠨ ᠤ ᠦᠬᠡᠷ ᠤᠨ ᠠᠵᠤ ᠦᠢᠯᠡᠰ ᠬᠥᠨᠳᠡᠯᠡᠨ ᠢᠶᠠᠷ ᠡᠷᠦᠬᠡ ᠪᠦᠷᠢ ᠨᠢᠭᠲᠠ ᠬᠤᠯᠪᠤᠯᠳᠤᠵᠦ | ᠪᠠᠶᠢᠭᠰᠠᠨ ᠠᠴᠠ ᠪᠠᠨ ᠭᠤᠯᠳᠤ ᠢᠶᠠᠷ ᠵᠠᠰᠠᠭ᠂ ᠠᠵᠤ ᠠᠬᠤᠶᠢᠯᠠᠯ᠂ ᠪᠠᠩᠬᠢ᠂ ᠳᠠᠭᠠᠳᠬᠠᠯ᠂ ᠡᠷᠦᠬᠡ ᠬᠠᠷᠢᠯᠴᠠᠨ | ᠦᠢᠯᠡᠳᠦᠯᠴᠡᠭᠰᠡᠨ ᠠᠵᠢᠯᠯᠠᠭᠠᠨ ᠤ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠦᠨ᠎ᠡ᠃ | ᠳᠥᠷᠪᠡᠳᠦᠭᠡᠷ ᠬᠡᠰᠡᠭ ᠭᠤᠣᠯ ᠠᠷᠭ᠎ᠠ ᠬᠡᠮᠵᠢᠶ᠎ᠡ | ︵ᠨᠢᠭᠡ︶ ᠬᠡᠮᠵᠢᠶ᠎ᠡ ᠪᠠᠨ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠬᠡᠪᠴᠢᠶᠡᠵᠢᠭᠦᠯᠦᠨ | ᠬᠥᠭᠵᠢᠭᠦᠯᠬᠦ ᠶᠢ ᠠᠬᠢᠭᠤᠯᠤᠨ᠎ᠠ | 1. ᠮᠠᠯ ᠰᠦᠷᠤᠭ᠌ ᠢᠶᠠᠨ ᠥᠷᠭᠡᠳᠬᠡᠨ ᠲᠤᠭ᠎ᠠ ᠲᠤᠯᠤᠭᠠᠢ ᠶᠢ ᠨᠡᠮᠡᠭᠳᠡᠭᠦᠯᠬᠦ ᠶᠢ ᠲᠦᠷᠭᠡᠳᠬᠡᠨ᠎ᠡ᠃ ︽ᠪᠠᠭ᠎ᠠ | ᠬᠡᠪᠴᠢᠶ᠎ᠡ᠂ ᠲᠣᠮᠣ ᠡᠩᠨᠡᠭᠡ︾ ᠶᠢᠨ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢ ᠦᠷᠭᠦᠯᠵᠢᠯᠡᠨ ᠳᠡᠯᠭᠡᠷᠡᠭᠦᠯᠵᠦ᠂ | ᠥᠪᠡᠰᠦᠪᠡᠨ ᠦᠷᠡᠵᠢᠭᠦᠯᠬᠦ ᠪᠠ ᠬᠤᠳᠠᠯᠳᠤᠨ ᠣᠷᠣᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ | ᠲᠠᠷᠠᠬᠠᠢ ᠲᠡᠵᠢᠭᠡᠵᠦ ᠪᠠᠶᠢᠭ᠎ᠠ ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠶ᠂ ᠬᠤᠷᠰᠢᠶ᠎ᠠ ᠪᠠ ᠲᠡᠵᠢᠭᠡᠨ | ᠦᠷᠡᠵᠢᠭᠦᠯᠬᠦ ᠠᠵᠤ ᠠᠬᠤᠶᠢᠯᠠᠯ ᠤᠨ ᠮᠢᠬ᠎ᠠ ᠰᠦ ᠵᠡᠷᠭᠡ ᠪᠠᠷ ᠬᠡᠷᠡᠭᠯᠡᠬᠦ ᠡᠬᠡ ᠮᠠᠯ ᠲᠡᠵᠢᠭᠡᠬᠦ ᠬᠡᠮᠵᠢᠶ᠎ᠡ ᠪᠠᠨ | ᠦᠷᠭᠦᠯᠵᠢᠯᠡᠨ ᠥᠷᠭᠡᠳᠬᠡᠬᠦ ᠶᠢ ᠵᠣᠷᠢᠭᠵᠢᠭᠤᠯᠵᠤ᠂ ᠴᠢᠨᠠᠷ ᠰᠠᠶᠢᠲᠠᠢ ᠡᠬᠡ ᠮᠠᠯ ᠢ ᠭᠠᠳᠠᠭᠰᠢ ᠬᠤᠳᠠᠯᠳᠤᠬᠤ ᠶᠢ | ᠪᠠᠭᠠᠰᠬᠠᠨ᠎ᠠ᠃ 304 ᠤᠯᠤᠰ ᠤᠨ ᠵᠠᠮ ᠪᠠ 306 ᠮᠤᠵᠢ ᠶᠢᠨ ᠵᠠᠮ ᠳᠠᠭᠠᠤ ᠬᠥᠮᠥᠨ ᠮᠠᠯ ᠢ ᠰᠠᠯᠭᠠᠭᠰᠠᠨ | ᠬᠡᠯᠪᠡᠷᠢ ᠶᠢᠨ ᠲᠡᠵᠢᠭᠡᠪᠤᠷᠢ ᠶᠢᠨ ᠲᠠᠯᠠᠪᠠᠶ ᠶᠢ ᠭᠤᠣᠯᠳᠠᠯᠭ᠎ᠠ ᠲᠠᠢ ᠪᠠᠶᠢᠷᠢᠰᠢᠭᠤᠯᠤᠨ ᠪᠠᠶᠢᠭᠤᠯᠵᠤ᠂ 2022 ᠣᠨ ᠤ | ᠰᠡᠭᠦᠯᠴᠢ ᠪᠣᠯᠬᠤ ᠳᠤ᠂ 1000 ᠲᠣᠯᠣᠭᠠᠢ ᠠᠴᠠ ᠲᠡᠭᠡᠭᠰᠢ ᠦᠬᠡᠷ ᠲᠡᠵᠢᠭᠡᠬᠦ ᠲᠠᠯᠠᠪᠠᠶ ᠰᠢᠨ᠎ᠡ ᠪᠠᠷ 2 ᠪᠠᠶᠢᠭᠤᠯᠬᠤ | ᠪᠤᠶᠤ ᠥᠷᠭᠡᠳᠬᠡᠨ ᠪᠠᠶᠢᠭᠤᠯᠵᠤ᠂ 2ᠲᠦᠮᠡᠨ ᠦᠬᠡᠷ ᠲᠡᠵᠢᠭᠡᠬᠦ ᠵᠢᠱᠢᠶ᠎ᠡ ᠦᠵᠡᠭᠦᠯᠬᠦ ᠲᠣᠰᠬᠤᠨ᠂ 113 ᠵᠠᠭᠤᠨ | ᠦᠬᠡᠷ ᠲᠡᠵᠢᠭᠡᠬᠦ ᠵᠢᠱᠢᠶ᠎ᠡ ᠦᠵᠡᠭᠦᠯᠬᠦ ᠮᠠᠯᠴᠢᠨ ᠲᠠᠷᠢᠶᠠᠴᠢᠨ ᠡᠷᠦᠬᠡ ᠶᠢ ᠪᠠᠶᠢᠭᠤᠯᠵᠤ᠂ ᠪᠥᠬᠦ ᠬᠤᠰᠢᠭᠤᠨ ᠤ | ᠠᠯᠠᠰᠢᠨ ᠦᠬᠡᠷ ᠲᠡᠵᠢᠭᠡᠬᠦ ᠲᠤᠭ᠎ᠠ ᠶᠢ 60 ᠲᠦᠮᠡ ᠠᠴᠠ ᠳᠡᠭᠡᠭᠰᠢ ᠬᠦᠷᠭᠡᠨ᠎ᠡ᠃ | 2. ᠬᠡᠪᠴᠢᠶᠡᠵᠢᠭᠦᠯᠦᠨ ᠪᠣᠷᠳᠣᠬᠤ ᠶᠢ ᠲᠦᠯᠬᠢᠨ ᠠᠬᠢᠭᠤᠯᠤᠨ᠎ᠠ᠃ ᠨᠥᠬᠦᠴᠡᠯ ᠲᠠᠢ ᠰᠤᠮᠤ ᠪᠠᠯᠭᠠᠰᠤ ᠶᠢᠨ ᠬᠢᠨ | ᠤ ᠦᠬᠡᠷ ᠪᠤᠷᠳᠤᠬᠤ ᠲᠣᠮᠣ ᠳᠤᠮᠳᠠ ᠬᠡᠯᠪᠡᠷᠢ ᠶᠢᠨ ᠲᠠᠯᠠᠪᠠᠶ ᠶᠢ ᠲᠥᠯᠥᠪᠵᠢᠭᠦᠯᠦᠨ ᠪᠠᠶᠢᠭᠤᠯᠬᠤ ᠶᠢ ᠳᠡᠮᠵᠢᠵᠦ᠂ | ᠦᠬᠡᠷ ᠪᠤᠷᠳᠤᠬᠤ ᠠᠵᠤ ᠠᠬᠤᠶᠢᠯᠠᠯ ᠤᠨ ᠬᠡᠪᠴᠢᠶᠡᠵᠢᠭᠰᠡᠨ ᠡᠷᠴᠢᠮᠵᠢᠭᠰᠡᠨ ᠡᠵᠡᠩᠨᠡᠯᠲᠡ ᠶᠢ ᠪᠡᠶᠡᠯᠡᠭᠦᠯᠬᠦ ᠶᠢ | ᠵᠣᠷᠢᠭᠵᠢᠭᠤᠯᠤᠨ᠎ᠠ᠃ ᠶᠠᠳᠠᠷ ᠲᠤᠷᠤᠢ ᠦᠬᠡᠷ ᠢ ᠡᠬᠢᠨ ᠤ ᠬᠤᠭᠤᠴᠠᠭᠠᠨ ᠳᠤ ᠪᠤᠷᠳᠤᠬᠤ᠂ ᠰᠢᠭᠤᠳ ᠪᠤᠷᠳᠤᠬᠤ | ᠵᠠᠭᠪᠤᠷ ᠢ ᠳᠡᠯᠭᠡᠷᠡᠭᠦᠯᠵᠦ᠂ ᠲᠡᠵᠢᠭᠡᠪᠤᠷᠢ ᠶᠢᠨ ᠲᠠᠯᠠᠪᠠᠶ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠡᠬᠡ | ᠮᠠᠯ ᠢᠶᠠᠨ ᠥᠪᠡᠷ ᠢᠶᠠᠨ ᠦᠷᠡᠵᠢᠭᠦᠯᠵᠦ᠂ ᠤᠶᠢᠯᠡᠳᠪᠤᠷᠢᠯᠡᠯ ᠤᠨ ᠥᠷᠲᠡᠭ ᠢᠶᠠᠨ ᠪᠠᠭᠤᠷᠠᠭᠤᠯᠤᠨ᠂ ᠦᠷ᠎ᠡ ᠠᠰᠢᠭ | ᠢᠶᠠᠨ ᠨᠡᠮᠡᠭᠳᠡᠭᠦᠯᠬᠦ ᠶᠢ ᠠᠬᠢᠭᠤᠯᠤᠨ᠎ᠠ᠃ ᠬᠤᠶᠢᠳᠤ ᠬᠡᠰᠡᠭ ᠤᠨ ᠭᠠᠵᠠᠷ ᠣᠷᠣᠨ ᠳᠤ ᠴᠢᠨᠠᠷ ᠰᠠᠶᠢᠲᠠᠢ ᠡᠷ᠎ᠡ ᠲᠤᠭᠤᠯ | ᠪᠤᠶᠢᠵᠢᠭᠤᠯᠵᠦ᠂ ᠳᠤᠮᠳᠠ ᠡᠮᠤᠨ᠎ᠡ ᠬᠡᠰᠡᠭ ᠤᠨ ᠭᠠᠵᠠᠷ ᠣᠷᠣᠨ ᠳᠠᠰᠢ ᠰᠢᠯᠵᠢᠭᠦᠯᠤᠨ ᠬᠠᠰᠢᠶᠠᠯᠠᠨ ᠲᠡᠵᠢᠭᠡᠵᠦ | ᠪᠣᠷᠳᠣᠬᠤ ᠶᠢ ᠠᠬᠢᠭᠤᠯᠤᠨ᠎ᠠ᠃ ᠪᠤᠷᠳᠤᠭᠰᠠᠨ ᠦᠬᠡᠷ ᠢᠶᠠᠨ ᠬᠤᠰᠢᠭᠤᠨ ᠳᠤ ᠪᠠᠨ ᠨᠢᠲᠤᠯᠬᠤ ᠶᠢ ᠪᠠᠷᠢᠮᠲᠠᠯᠠᠵᠤ᠂ | ᠲᠣᠰ ᠭᠠᠵᠠᠷ ᠣᠷᠣᠨ ᠤ ᠠᠯᠠᠰᠢᠨ ᠦᠬᠡᠷ ᠡᠳ᠋ᠰᠢᠭᠦᠯᠬᠦ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠨ᠎ᠠ᠃ 2022 ᠣᠨ ᠤ ᠡᠴᠦᠰ ᠪᠣᠯᠬᠤ ᠳᠤ᠂ 500 ᠲᠤᠯᠤᠭᠠᠢ ᠠᠴᠠ ᠲᠡᠭᠡᠭᠰᠢ ᠦᠬᠡᠷ | ᠪᠤᠷᠳᠤᠬᠤ ᠲᠠᠯᠠᠪᠠᠶ 4 ᠪᠠᠶᠢᠭᠤᠯᠵᠤ᠂ ᠵᠢᠯ ᠳᠤ 2 ᠲᠦᠮᠡᠨ ᠦᠬᠡᠷ ᠪᠤᠷᠳᠤᠨ ᠪᠤᠷᠤᠯᠠᠭᠤᠯᠤᠨ᠎ᠠ᠃ | 3. ᠦᠬᠡᠷ ᠤᠨ ᠡᠭᠦᠯᠳᠡᠷ ᠪᠦᠲᠦᠴᠡ ᠶᠢ ᠰᠢᠯᠢᠳᠡᠭᠵᠢᠭᠦᠯᠦᠨ᠎ᠡ᠃ ᠡᠭᠦᠯᠳᠡᠷ ᠰᠠᠶᠢᠵᠢᠷᠠᠭᠤᠯᠬᠤ ᠥᠷᠲᠡᠭᠡᠨ ᠤ | ᠰᠠᠭᠤᠷᠢ ᠲᠥᠬᠦᠭᠡᠷᠦᠮᠵᠢ ᠪᠠ ᠲᠡᠭᠡᠭᠡᠪᠦᠷᠢ ᠶᠢᠨ ᠭᠤᠭᠴᠤᠭ᠎ᠠ ᠶᠢ ᠥᠭᠡᠷᠡᠴᠢᠯᠡᠨ ᠳᠡᠭᠡᠭᠰᠢᠯᠡᠭᠦᠯᠵᠦ᠂ ᠬᠤᠰᠢᠭᠤᠨ ᠤ | ᠡᠭᠦᠯᠳᠡᠷ ᠰᠠᠶᠢᠵᠢᠷᠠᠭᠤᠯᠬᠤ ᠥᠷᠲᠡᠭᠡ ᠶᠢ ᠪᠠᠷᠢᠮᠵᠢᠶᠠᠵᠢᠭᠰᠠᠨ ᠰᠢᠨ᠎ᠡ ᠬᠡᠯᠪᠡᠷᠢ ᠶᠢᠨ ᠡᠭᠦᠯᠳᠡᠷ ᠰᠠᠶᠢᠵᠢᠷᠠᠭᠤᠯᠬᠤ | ᠠᠵᠢᠯ ᠤᠨ ᠥᠷᠲᠡᠭᠡ ᠪᠣᠯᠭᠠᠨ ᠪᠠᠶᠢᠭᠤᠯᠵᠤ᠂ ᠠᠷᠤ ᠬᠥᠨᠳᠡᠯᠡᠨ ᠮᠠᠯᠵᠢᠯ ᠤᠨ ᠡᠭᠦᠯᠳᠡᠷ ᠰᠠᠶᠢᠵᠢᠷᠠᠭᠤᠯᠬᠤ | ᠦᠷᠡᠵᠢᠭᠦᠯᠦᠨ ᠪᠣᠶᠢᠵᠢᠭᠤᠯᠬᠤ ᠲᠥᠪ ᠢ ᠪᠥᠬᠦ ᠬᠤᠰᠢᠭᠤᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ | ᠵᠢᠱᠢᠶ᠎ᠡ ᠦᠵᠡᠭᠦᠯᠬᠦ ᠴᠡᠭ ᠪᠣᠯᠭᠠᠨ ᠪᠠᠶᠢᠭᠤᠯᠤᠨ᠎ᠠ᠃ ᠰᠢᠮᠧᠨ᠋ᠲ᠋ᠠᠷ ᠢᠶᠠᠷ ᠭᠤᠣᠯ ᠪᠣᠯᠭᠠᠭᠰᠠᠨ ᠴᠢᠨᠠᠷ ᠰᠠᠶᠢᠲᠠᠢ᠂ | ᠦᠢᠯᠡᠳᠬᠦᠨ ᠤ ᠦᠷᠳᠡᠭ ᠶᠡᠬᠡᠲᠡᠢ ᠠᠯᠠᠰᠢᠨ ᠦᠬᠡᠷ ᠢ ᠬᠥᠭᠵᠢᠭᠦᠯᠦᠨ᠂ ᠰᠠᠶᠢᠨ ᠡᠭᠦᠯᠳᠡᠷ ᠤᠨ ᠡᠬᠡ ᠮᠠᠯ ᠢ | ᠨᠡᠮᠡᠭᠳᠡᠭᠦᠯᠵᠦ᠂ ᠠᠯᠠᠰᠢᠨ ᠦᠬᠡᠷ ᠤᠨ ᠬᠦᠪᠦᠷᠡᠯ ᠰᠢᠯᠵᠢᠭᠦᠯᠬᠦ ᠲᠤᠷᠰᠢᠯᠲᠠ ᠶᠢᠨ ᠴᠢᠭ᠋ ᠢ ᠪᠦᠲᠦᠭᠡᠨ ᠪᠠᠶᠢᠭᠤᠯᠤᠨ᠎ᠠ᠃ | ᠵᠢᠯ ᠲᠤᠷᠰᠢ ᠮᠠᠯ ᠰᠦᠷᠤᠭ᠌ ᠤᠨ ᠪᠤᠬ᠎ᠠ ᠶᠢ ᠴᠡᠪᠡᠷᠯᠡᠵᠦ᠂ ᠢᠴᠡᠭᠡᠯ ᠦᠷ᠎ᠡ ᠪᠠᠷ ᠬᠡᠭᠡᠯᠲᠦᠭᠦᠯᠬᠦ ᠶᠢ ᠪᠠᠷᠢᠮᠲᠠᠯᠠᠨ᠂ | ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠮᠡᠷᠭᠡᠵᠢᠯ ᠢ ᠪᠦᠭᠦ ᠲᠠᠯ᠎ᠠ ᠪᠠᠷ ᠳᠡᠯᠭᠡᠷᠡᠭᠦᠯᠵᠦ᠂ ᠪᠦᠭᠦ ᠬᠤᠰᠢᠭᠤᠨ ᠤ | ᠦᠬᠡᠷ ᠤᠨ ᠢᠴᠡᠭᠡᠯ ᠦᠷ᠎ᠡ ᠪᠠᠷ ᠬᠡᠭᠡᠯᠳᠤᠭᠦᠯᠤᠭ᠍ᠰᠡᠨ ᠲᠤᠭ᠎ᠠ ᠶᠢ 25 ᠲᠦᠮᠡ ᠬᠦᠷᠭᠡᠵᠦ᠂ ᠬᠡᠭᠡᠯ ᠲᠤᠭᠳᠠᠭᠰᠠᠨ | ᠨᠣᠷᠮ᠎ᠠ ᠶᠢ 90% ᠠᠴᠠ ᠳᠡᠭᠡᠭᠰᠢ ᠬᠦᠷᠭᠡᠨ᠎ᠡ᠃ ︽ᠳᠥᠷᠪᠡ ᠶᠢ ᠪᠦᠷᠢᠳᠦᠭᠦᠯᠬᠦ︾ ᠪᠠᠷᠢᠮᠵᠢᠶᠠᠵᠢᠨ | ᠵᠢᠷᠤᠮᠵᠢᠭᠤᠯᠤᠭᠰᠠᠨ ᠡᠭᠦᠯᠳᠡᠷ ᠰᠠᠶᠢᠵᠢᠷᠠᠭᠤᠯᠬᠤ ᠴᠢᠭ᠋ 100 ᠲᠥᠯᠥᠪᠵᠢᠭᠦᠯᠦᠨ ᠪᠠᠶᠢᠭᠤᠯᠵᠤ᠂ ᠦᠬᠡᠷ ᠢ ᠢᠴᠡᠭᠡᠯ | ᠦᠷ᠎ᠡ ᠪᠠᠷ ᠬᠡᠭᠡᠯᠲᠦᠭᠦᠯᠵᠦ ᠡᠭᠦᠯᠳᠡᠷ ᠰᠠᠶᠢᠵᠢᠷᠠᠭᠤᠯᠬᠤ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ | 4. ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠨ᠎ᠠ᠃ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ ᠵᠠᠷᠤᠳᠠᠯ ᠢ ᠬᠤᠰᠢᠭᠤᠨ ᠤ ᠲᠣᠰ ᠱᠠᠲᠤᠨ ᠤ ᠣᠨ ᠤ ᠡᠳ᠋ ᠤᠨ ᠵᠠᠰᠠᠭ ᠤᠨ ᠲᠥᠰᠥᠪ ᠲᠤ | ᠣᠷᠣᠭᠤᠯᠬᠤ ᠶᠢ ᠪᠠᠷᠢᠮᠲᠠᠯᠠᠨ᠎ᠠ᠃ ᠬᠢᠵᠢᠭ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠦᠯᠤ | ᠬᠠᠯᠳᠠᠭᠠᠬᠤ ᠬᠢᠵᠢᠭ ᠪᠠᠶᠢᠴᠠᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠯᠠᠰᠢᠨ | ᠦᠬᠡᠷ ᠤᠨ ᠬᠦᠨᠳᠦ ᠶᠡᠭᠡ ᠬᠢᠵᠢᠭ ᠡᠪᠡᠳᠴᠢᠨ ᠢ ᠦᠯᠤ ᠬᠠᠯᠳᠠᠭᠠᠬᠤ ᠨᠤᠷᠮ᠎ᠠ᠂ ᠭᠠᠷᠤᠯᠲᠠ ᠶᠢᠨ ᠣᠷᠣᠨ ᠳᠤ | ᠬᠢᠵᠢᠭ ᠪᠠᠶᠢᠴᠠᠭᠠᠬᠤ ᠨᠤᠷᠮ᠎ᠠ᠂ ᠠᠯᠠᠵᠤ ᠨᠢᠲᠤᠯᠬᠤ ᠳᠤ ᠰᠢᠯᠭᠠᠨ ᠪᠠᠶᠢᠴᠠᠭᠠᠬᠤ ᠨᠤᠷᠮ᠎ᠠ ᠶᠢ 100% ᠬᠦᠷᠭᠡᠬᠦ ᠶᠢ | ᠦᠨᠡᠨ ᠬᠦ ᠪᠠᠲᠤᠯᠠᠨ᠎ᠠ᠃ ᠬᠤᠰᠢᠭᠤᠨ ᠲᠠᠰ ᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠢ ᠥᠭᠡᠷᠡᠴᠢᠯᠡᠨ | ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠦᠬᠡᠴᠡᠯᠡᠬᠦ ᠬᠥᠮᠥᠷᠭᠡ ᠪᠠ ᠸᠠᠺᠼᠢᠨ ᠢ | ᠬᠥᠯᠳᠡᠭᠡᠵᠦ ᠬᠠᠳᠠᠭᠠᠯᠠᠬᠤ ᠬᠥᠮᠥᠷᠭᠡ ᠶᠢ ᠰᠢᠨ᠎ᠡ ᠪᠠᠷ ᠪᠠᠶᠢᠭᠤᠯᠤᠨ᠎ᠠ᠃ ᠠᠮᠢᠲᠠᠨ ᠤ ᠡᠮᠨᠡᠯᠭᠡ ᠶᠢᠨ ᠬᠤᠷᠢᠶ᠎ᠠ ᠪᠠ | ᠠᠮᠢᠲᠠᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ | ᠪᠠᠶᠢᠭᠤᠯᠵᠦ᠂ ᠡᠪᠡᠳᠴᠢᠨ ᠢᠶᠠᠷ ᠦᠬᠦᠭᠰᠡᠨ ᠮᠠᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ 1 ᠬᠤᠣᠷ ᠦᠭᠡᠢ ᠪᠣᠯᠭᠠᠨ ᠰᠢᠢᠳᠪᠦᠷᠢᠯᠡᠬᠦ ᠲᠤᠰᠬᠠᠢ ᠠᠵᠤ ᠠᠬᠤᠶᠢᠯᠠᠯ ᠢ ᠲᠠᠳᠠᠨ | ᠣᠷᠣᠭᠤᠯᠤᠨ᠎ᠠ᠃ | ︵ᠬᠤᠶᠠᠷ︶ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠴᠢᠩᠭᠠᠳᠬᠠᠵᠤ᠂ ᠠᠵᠤ ᠦᠢᠯᠡᠰᠵᠢᠭᠰᠡᠨ | ᠡᠵᠡᠩᠨᠡᠯᠲᠡ ᠶᠢ ᠠᠬᠢᠭᠤᠯᠤᠨ᠎ᠠ | 1. ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠭᠤᠭᠴᠤᠭ᠎ᠠ ᠶᠢ ᠰᠠᠶᠢᠲᠤᠷ ᠬᠢᠨ᠎ᠡ᠃ ᠠᠮᠤ ᠪᠤᠳᠠᠭ᠎ᠠ ᠲᠡᠵᠢᠭᠡᠯ | ᠪᠣᠷᠳᠤᠭ᠎ᠠ ᠪᠠᠷ ᠵᠡᠷᠭᠡᠪᠡᠷ ᠬᠡᠷᠡᠭᠯᠡᠬᠦ ᠡᠷᠳᠡᠨᠢ ᠰᠢᠰᠢ ᠵᠢᠴᠢ ᠬᠦᠬᠡ ᠳᠠᠷᠤᠰᠢ ᠶᠢᠨ ᠳᠠᠷᠢᠬᠤ ᠬᠠᠷᠢᠴᠠᠯ ᠢ ᠵᠢᠯ | ᠳᠠᠷᠠᠭᠠᠯᠠᠨ ᠳᠡᠭᠡᠭᠰᠢᠯᠡᠭᠦᠯᠵᠦ᠂ ᠲᠠᠷᠢᠮᠠᠯ ᠤᠨ ᠬᠤᠷᠰᠢᠶ᠎ᠠ ᠶᠢ ᠲᠡᠵᠢᠭᠡᠪᠤᠷᠢ ᠶᠢᠨ ᠬᠤᠷᠰᠢᠶ᠎ᠠ ᠯᠤᠭ᠎ᠠ ᠪᠦᠲᠦᠮᠵᠢᠲᠡᠶ | ᠵᠣᠯᠭᠠᠭᠤᠯᠬᠤ ᠶᠢ ᠵᠣᠷᠢᠭᠵᠢᠭᠤᠯᠤᠨ᠂ ᠴᠠᠷᠭᠠᠰᠤ᠂ ᠨᠣᠬᠠᠢ ᠶᠢᠨ ᠬᠤᠰᠢᠭᠤ ᠵᠡᠷᠭᠡ ᠴᠢᠨᠠᠷ ᠰᠠᠶᠢᠲᠠᠢ ᠲᠡᠵᠢᠭᠡᠯ | ᠡᠪᠡᠰᠦ ᠶᠢ ᠵᠠᠬᠢᠶᠠᠯᠠᠭ᠎ᠠ ᠶᠢᠨ ᠮᠠᠶ᠋ᠢᠭ ᠢᠶᠠᠷ ᠳᠠᠷᠢᠬᠤ ᠶᠢ ᠬᠥᠭᠵᠢᠭᠦᠯᠦᠨ᠎ᠡ᠃ ᠲᠠᠷᠢᠮᠠᠯ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ ᠶᠢ ᠲᠦᠯᠬᠢᠨ ᠠᠬᠢᠭᠤᠯᠵᠤ᠂ ᠲᠡᠵᠢᠭᠡᠯ ᠡᠪᠡᠰᠦᠨ ᠤ ᠮᠠᠰᠢᠨᠴᠢᠯᠠᠬᠤ ᠲᠤᠷᠰᠢᠯᠳᠠ ᠬᠢᠵᠦ ᠵᠢᠱᠢᠶ᠎ᠡ | ᠦᠵᠡᠭᠦᠯᠬᠦ ᠶᠢ ᠴᠢᠩᠭᠠᠳᠬᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠤᠷᠮ᠎ᠠ ᠪᠠ ᠲᠡᠵᠢᠭᠡᠯ ᠡᠪᠡᠰᠦᠨ ᠤ | ᠦᠢᠯᠡᠳᠪᠦᠷᠢᠯᠡᠯ ᠤᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ | ᠲᠣᠭᠤᠷᠢᠭ ᠤᠨ ᠲᠠᠪᠴᠠᠩ ᠳᠤ ᠲᠦᠰᠢᠭᠯᠡᠨ᠂ ᠲᠣᠰ ᠭᠠᠵᠠᠷ ᠣᠷᠣᠨ ᠤ ᠪᠠᠨ ᠨᠠᠷᠢᠯᠢᠭ ᠪᠣᠷᠳᠤᠭ᠎ᠠ ᠦᠢᠯᠡᠳᠪᠦᠷᠢᠯᠡᠬᠦ | ᠠᠵᠤ ᠠᠬᠤᠶᠢᠯᠠᠯ ᠢ ᠬᠥᠭᠵᠢᠭᠦᠯᠵᠦ᠂ ᠨᠠᠷᠢᠯᠢᠭ ᠪᠣᠷᠳᠤᠭ᠎ᠠ ᠬᠢᠭᠡᠳ ᠪᠠᠶᠢᠭᠠᠯᠢᠭ ᠬᠠᠳᠤᠯᠠᠩ ᠪᠡᠯᠴᠢᠭᠡᠷ ᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠨ᠂ ᠡᠪᠡᠰᠦᠨ ᠤ ᠦᠢᠯᠡᠰ ᠤᠨ ᠺᠣᠮᠫᠠᠨᠢ᠂ ᠡᠪᠡᠰᠦ ᠪᠣᠷᠳᠤᠭ᠎ᠠ ᠶᠢᠨ ᠠᠷᠠᠯᠵᠢᠶ᠎ᠠ ᠶᠢᠨ | ᠵᠠᠬ᠎ᠠ ᠳᠡᠯᠭᠡᠭᠦᠷ ᠤᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠪᠡᠰᠦ ᠪᠣᠷᠳᠤᠭ᠎ᠠ | ᠨᠥᠭᠡᠴᠡᠯᠡᠬᠦ ᠬᠥᠮᠥᠷᠭᠡ 1 ᠪᠠᠶᠢᠭᠤᠯᠤᠨ᠎ᠠ᠃ | 2. ᠨᠢᠲᠤᠯᠵᠤ ᠡᠳ᠋ᠰᠢᠭᠦᠯᠬᠦ ᠭᠤᠭᠴᠤᠭ᠎ᠠ ᠶᠢ ᠴᠢᠩᠭᠠᠳᠬᠠᠨ᠎ᠠ᠃ ᠤᠯᠤᠰ ᠤᠨ ᠥᠮᠴᠢᠯᠡᠯᠲᠦ ᠪᠡᠯᠡ | ᠣᠷᠣᠭᠤᠯᠤᠯᠲᠠ ᠶᠢᠨ ᠺᠣᠮᠫᠠᠨᠢ ᠬᠢᠭᠡᠳ ᠪᠠᠩ ᠵᠢᠶᠧ ᠢᠳᠡᠭᠡᠨ ᠤ ᠵᠦᠢᠯ ᠤᠨ ᠲᠦᠷᠢᠶᠡᠰᠦᠯᠡᠬᠦ ᠣᠷᠣᠯᠠᠨ ᠡᠳ᠋ᠰᠢᠭᠦᠯᠬᠦ | ᠬᠠᠮᠲᠤᠷᠠᠯᠴᠠᠭ᠎ᠠ ᠬᠢᠬᠦ ᠶᠢ ᠠᠬᠢᠭᠤᠯᠤᠨ᠎ᠠ᠃ ᠽᠧ ᠰᠢᠨ ᠮᠢᠬᠠᠨ ᠤ ᠦᠢᠯᠡᠰ ᠤᠨ ᠦᠢᠯᠡᠳᠪᠦᠷᠢᠯᠡᠯ ᠡᠵᠡᠩᠨᠡᠯᠲᠡ ᠪᠠᠨ | ᠰᠡᠷᠭᠦᠭᠡᠬᠦ ᠶᠢ ᠠᠬᠢᠭᠤᠯᠵᠤ᠂ ᠠᠯᠢ ᠲᠦᠷᠭᠡᠨ ᠢᠶᠠᠷ ᠦᠢᠯᠡᠳᠪᠦᠷᠢᠯᠡᠯ ᠪᠠ ᠦᠷ᠎ᠡ ᠠᠰᠢᠭ ᠲᠤ ᠬᠦᠷᠦᠭᠦᠯᠦᠨ᠎ᠡ᠃ | ᠠᠵᠤ ᠠᠬᠤᠶᠢᠯᠠᠯ ᠤᠨ ᠲᠡᠵᠢᠭᠡᠪᠤᠷᠢ ᠶᠢᠨ ᠡᠷᠦᠬᠡ ᠯᠦᠭᠡ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ | ᠲᠣᠭᠲᠠᠬᠤ ᠶᠢ ᠵᠣᠷᠢᠭᠵᠢᠭᠤᠯᠵᠤ᠂ ᠲᠣᠰ ᠭᠠᠵᠠᠷ ᠤᠨ ᠠᠯᠠᠰᠢᠨ ᠦᠬᠡᠷ ᠢ ᠬᠤᠰᠢᠭᠤᠨ ᠳᠤ ᠪᠠᠨ ᠨᠢᠲᠤᠯᠬᠤ ᠶᠢ | ᠵᠣᠷᠢᠭᠵᠢᠭᠤᠯᠤᠨ᠎ᠠ᠃ ᠠᠯᠠᠰᠢᠨ ᠦᠬᠡᠷ ᠢ ᠪᠠᠷᠢᠮᠵᠢᠶᠠᠵᠢᠭᠤᠯᠤᠨ ᠨᠢᠲᠤᠯᠬᠤ ᠪᠠ ᠲᠥᠷᠥᠯ ᠬᠤᠪᠢᠶᠠᠨ ᠲᠠᠰ ᠬᠤᠪᠢᠶᠠᠨ | ᠡᠳ᠋ᠰᠢᠭᠦᠯᠬᠦ ᠶᠢ ᠠᠬᠢᠭᠤᠯᠵᠤ᠂ ᠨᠠᠷᠢᠯᠢᠭ ᠰᠠᠯᠭᠠᠨ ᠬᠤᠪᠢᠶᠠᠬᠤ ᠶᠢ ᠬᠡᠷᠡᠭᠵᠢᠭᠦᠯᠦᠨ᠂ ᠦᠢᠯᠡᠳᠬᠦᠨ ᠤ ᠪᠦᠲᠦᠴᠡ ᠪᠠᠨ | ᠰᠢᠯᠢᠳᠡᠭᠵᠢᠭᠦᠯᠵᠦ᠂ ᠨᠠᠷᠢᠯᠢᠭ ᠭᠦᠨ ᠡᠳ᠋ᠰᠢᠭᠦᠯᠬᠦ ᠶᠢ ᠬᠥᠭᠵᠢᠭᠦᠯᠦᠨ᠎ᠡ᠃ ᠠᠯᠠᠰᠢᠨ ᠦᠬᠡᠷ ᠤᠨ ᠶᠠᠰᠤ ᠴᠢᠰᠤ᠂ | ᠳᠣᠲᠣᠷ ᠡᠷᠬᠡᠲᠡᠨ᠂ ᠠᠷᠠᠰᠤ ᠨᠣᠣᠰᠣ ᠵᠡᠷᠭᠡ ᠳᠠᠭᠠᠯᠲᠠ ᠪᠦᠲᠦᠭᠡᠭᠳᠡᠬᠦᠨ ᠢ ᠨᠡᠭᠡᠭᠡᠨ ᠬᠦᠭᠵᠢᠭᠦᠯᠬᠦ ᠶᠢ | ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠨ᠂ ᠪᠦᠲᠦᠭᠡᠭᠳᠡᠬᠦᠨ ᠤ ᠨᠡᠮᠡᠯᠲᠡ ᠥᠷᠲᠡᠭ ᠢ | ᠳᠡᠭᠡᠭᠰᠢᠯᠡᠭᠦᠯᠦᠨ᠎ᠡ᠃ 2022 ᠣᠨ ᠤ ᠡᠴᠦᠰ ᠪᠣᠯᠬᠤ ᠳᠤ᠂ ᠪᠥᠬᠦ ᠬᠤᠰᠢᠭᠤᠨ ᠤ ᠠᠯᠠᠰᠢᠨ ᠦᠬᠡᠷ ᠨᠢᠲᠤᠯᠵᠤ | ᠡᠳ᠋ᠰᠢᠭᠦᠯᠬᠦ ᠶᠡᠷᠦᠩᠬᠡᠢ ᠬᠡᠮᠵᠢᠶ᠎ᠡ ᠶᠢ 0.5 ᠲᠦᠮᠡᠨ ᠲᠤᠯᠤᠭᠠᠢ ᠬᠦᠷᠦᠭᠦᠯᠦᠨ᠎ᠡ᠃ | 3. ᠪᠣᠬᠢᠷᠳᠤᠯ ᠦᠭᠡᠢ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠦᠷᠭᠡᠳᠭᠡᠨ᠎ᠡ᠃ ᠠᠵᠤ | ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ᠂ ᠢᠳᠡᠭᠡᠨ ᠤ ᠨᠠᠷᠠᠲᠤ ᠲᠥᠷᠥᠯ ᠲᠡᠮᠳᠡᠭᠲᠦ ᠶᠢ ᠭᠤᠣᠯᠳᠠᠯᠭ᠎ᠠ ᠲᠠᠢ ᠪᠣᠶ | ᠪᠣᠯᠭᠠᠵᠤ᠂ ᠨᠠᠩ ᠣᠯᠠᠨ ᠮᠠᠯ ᠤᠨ ᠠᠰᠢᠭ ᠰᠢᠮ᠎ᠡ ᠶᠢᠨ ᠤᠶᠢᠯᠡᠳᠭᠦᠨ ᠳᠤ ᠪᠣᠬᠢᠷᠳᠤᠯ ᠦᠭᠡᠢ ᠢᠳᠡᠭᠡᠨ᠂ ᠣᠷᠭᠠᠨᠢᠭ | ᠪᠦᠲᠦᠭᠡᠭᠳᠡᠬᠦᠨ ᠪᠠ ᠭᠠᠵᠠᠷ ᠵᠦᠢ ᠶᠢᠨ ᠲᠡᠮᠳᠡᠭᠳᠤ ᠪᠦᠲᠦᠭᠡᠭᠳᠡᠬᠦᠨ ᠤ ᠭᠡᠷᠡᠴᠢᠯᠡᠯ ᠣᠯᠭᠤᠬᠤ ᠪᠠᠷ ᠴᠢᠷᠮᠠᠶᠢᠨ᠎ᠠ᠃ | ᠵᠠᠷᠤᠳ ᠤᠨ ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ᠂ ᠦᠬᠡᠷ ᠤᠷᠤᠯᠳᠤᠬᠤ ᠴᠤᠭᠯᠠᠭᠠᠨ᠂ ᠲᠠᠷᠢᠶᠠᠯᠠᠩ ᠤᠨ | ᠪᠦᠲᠦᠭᠡᠭᠳᠡᠬᠦᠨ ᠤ ᠦᠵᠡᠭᠦᠯᠤᠯᠭᠡ ᠶᠢᠨ ᠴᠤᠭᠯᠠᠭᠠᠨ ᠪᠠ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ᠂ | ᠡᠯᠧᠺᠲᠷᠣᠨ ᠬᠤᠳᠠᠯᠳᠤᠭ᠎ᠠ᠂ ᠬᠤᠳᠠᠯᠳᠤᠭ᠎ᠠ ᠬᠡᠲᠦ ᠳᠡᠯᠭᠡᠭᠦᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠪᠣᠷᠣᠯᠠᠭᠤᠯᠤᠯᠲᠠ ᠲᠠᠨᠢᠯᠴᠠᠭᠤᠯᠭ᠎ᠠ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠤᠬᠠᠭᠤᠯᠭ᠎ᠠ ᠦᠵᠡᠭᠦᠯᠦᠯᠭᠡ ᠶᠢ ᠴᠢᠩᠭᠠᠳᠬᠠᠨ᠎ᠠ᠃ ᠪᠡᠭᠡᠵᠢᠩ ᠤᠨ ᠰᠢᠨ ᠹᠠ ᠳ᠋ᠢ᠂ ᠵᠦᠩ | ᠨᠦᠩ ᠫᠢ ᠵᠡᠷᠭᠡ ᠦᠵᠦᠭᠦᠷ ᠪᠣᠷᠤᠯᠠᠭᠤᠯᠭ᠎ᠠ ᠶᠢᠨ ᠲᠠᠪᠴᠠᠩ ᠢ ᠠᠰᠢᠭᠯᠠᠨ᠂ ᠪᠣᠷᠤᠯᠠᠭᠤᠯᠭ᠎ᠠ ᠶᠢᠨ ᠠᠷᠭ᠎ᠠ ᠵᠠᠮ ᠢᠶᠠᠨ | ᠲᠠᠰᠤᠷᠠᠯᠲᠠ ᠦᠭᠡᠢ ᠥᠷᠭᠡᠳᠬᠡᠨ᠎ᠡ᠃ | ︵ᠭᠤᠷᠪᠠ︶ ᠠᠵᠢᠯ ᠦᠢᠯᠡᠰ ᠠᠵᠢᠯ ᠲᠦᠷᠤᠯ ᠲᠠᠢ ᠬᠤᠯᠪᠤᠭᠠᠯᠠᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠢ | ᠠᠬᠢᠭᠤᠯᠤᠨ᠎ᠠ | 1. ᠠᠵᠤ ᠠᠬᠤᠢ ᠶᠢᠨ ᠬᠠᠮᠲᠤᠷᠠᠯᠴᠠᠭᠠᠨ ᠤ ᠰᠢᠰᠲ᠋ᠧᠮᠵᠢ ᠶᠢ ᠪᠠᠶᠢᠭᠤᠯᠤᠨ᠎ᠠ᠃ ᠪᠦᠬᠦ ᠬᠤᠰᠢᠭᠤᠨ ᠤ ᠦᠬᠡᠷ ᠤᠨ | ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠵᠦ᠂ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠬᠦ᠂ | ᠬᠥᠷᠥᠩᠭᠡ ᠪᠠᠨ ᠠᠵᠢᠯᠯᠠᠭᠤᠯᠬᠤ᠂ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠪᠠᠷ | ᠳᠠᠮᠵᠢᠭᠤᠯᠤᠨ᠂ ᠵᠠᠰᠠᠭ ᠤᠨ ᠣᠷᠳᠣᠨ ᠠᠴᠠ ᠬᠤᠪᠢ ᠡᠵᠡᠮᠳᠡᠭᠰᠡᠨ᠂ ᠡᠯ᠎ᠡ ᠭᠠᠴᠠᠭ᠎ᠠ ᠲᠣᠰᠬᠤᠨ ᠤ ᠬᠠᠮᠲᠤ ᠶᠢᠨ | ᠠᠵᠤ ᠠᠬᠤᠢ ᠶᠢᠨ ᠬᠤᠪᠢ ᠣᠷᠣᠭᠤᠯᠤᠭᠰᠠᠨ ᠬᠤᠷᠰᠢᠶ᠎ᠠ᠂ ᠡᠯ᠎ᠡ ᠤᠯᠤᠰ ᠤᠨ ᠡᠵᠡᠩᠨᠡᠯᠲᠡ ᠶᠢᠨ ᠲᠠᠷᠢᠶᠠᠯᠠᠩ ᠮᠠᠯ | ᠠᠵᠤ ᠠᠬᠤᠢ ᠣᠶ ᠰᠢᠭᠤᠢ ᠶᠢᠨ ᠲᠠᠯᠠᠪᠠᠶ ᠬᠤᠪᠢ ᠣᠷᠣᠭᠤᠯᠤᠭᠰᠠᠨ᠂ ᠡᠯ᠎ᠡ ᠲᠡᠵᠢᠭᠡᠪᠤᠷᠢ ᠶᠢᠨ ᠡᠷᠦᠬᠡ ᠬᠤᠪᠢ | ᠡᠵᠡᠮᠰᠢᠭᠰᠡᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠣᠮᠫᠠᠨᠢ ᠪᠠᠶᠢᠭᠤᠯᠵᠤ᠂ ᠺᠣᠮᠫᠠᠨᠢ ᠪᠠᠷ ᠬᠥᠲᠥᠴᠢ ᠪᠣᠯᠭᠠᠨ᠂ | ᠲᠠᠷᠢᠶᠠᠯᠠᠩ ᠤᠨ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ | ᠪᠣᠯᠭᠠᠵᠤ᠂ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦ ᠬᠦᠴᠦᠨ ᠪᠣᠯᠭᠠᠵᠤ᠂ ᠡᠵᠡᠩᠨᠡᠯᠲᠡ ᠶᠢᠨ ᠭᠤᠣᠯ | ᠴᠣᠭᠴᠠ ᠶᠢ ᠪᠣᠶᠢᠵᠢᠭᠤᠯᠬᠤ ᠪᠠᠷ ᠭᠠᠷᠳᠠᠴᠠ ᠪᠣᠯᠭᠠᠵᠤ᠂ ᠦᠬᠡᠷ ᠤᠨ ᠠᠵᠤ ᠦᠢᠯᠡᠰ ᠤᠨ ᠬᠡᠪᠴᠢᠶᠡᠵᠢᠯᠲᠡ᠂ | ᠪᠠᠷᠢᠮᠵᠢᠶᠠᠵᠢᠯᠲᠠ ᠪᠠ ᠠᠵᠤ ᠦᠶᠢᠯᠡᠰᠵᠢᠯᠲᠡ ᠶᠢᠨ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠪᠡᠯᠡ | ᠣᠷᠣᠭᠤᠯᠤᠯᠲᠠ ᠶᠢᠨ ᠺᠣᠮᠫᠠᠨᠢ ᠠᠴᠠ ᠨᠢᠭᠡᠳᠦᠯᠲᠡᠢ ᠪᠡᠯᠡ ᠮᠥᠩᠭᠦ ᠬᠠᠩᠭᠠᠬᠤ᠂ ᠠᠮᠢᠳᠤ ᠦᠬᠡᠷ ᠬᠠᠩᠭᠠᠬᠤ᠂ ᠡᠪᠡᠰᠦ | ᠪᠣᠷᠳᠤᠭ᠎ᠠ ᠬᠠᠩᠭᠠᠬᠤ᠂ ᠲᠡᠵᠢᠭᠡᠨ ᠦᠷᠡᠵᠢᠭᠦᠯᠬᠦ ᠮᠡᠷᠭᠡᠵᠢᠯ ᠬᠠᠩᠭᠠᠬᠤ᠂ ᠬᠢᠵᠢᠭ ᠢ ᠰᠡᠷᠭᠡᠶᠢᠯᠡᠬᠦ᠂ ᠪᠠᠳᠤᠯᠠᠭ᠎ᠠ᠂ | ᠳᠠᠭᠠᠳᠬᠠᠯ ᠬᠠᠩᠭᠠᠬᠤ᠂ ᠨᠢᠭᠡᠳᠦᠯᠲᠡᠢ ᠡᠯᠧᠺᠲᠷᠣᠨ ᠴᠢᠬᠢᠨ ᠲᠡᠮᠳᠡᠭ ᠲᠠᠩᠰᠠ ᠡᠪᠬᠡᠮᠡᠯ ᠬᠠᠩᠭᠠᠬᠤ᠂ ᠨᠢᠭᠡᠳᠤᠯᠳᠠᠢ | ᠪᠤᠷᠤᠯᠠᠭᠤᠯᠬᠤ ᠲᠠᠪᠴᠠᠩ ᠬᠠᠩᠭᠠᠬᠤ ᠡᠵᠡᠩᠨᠡᠯᠲᠡ ᠶᠢᠨ ᠵᠠᠭᠪᠤᠷ ᠢ ᠳᠡᠮᠵᠢᠵᠦ᠂ ᠲᠡᠵᠢᠭᠡᠪᠤᠷᠢ ᠶᠢᠨ ᠡᠷᠦᠬᠡ ᠬᠢᠭᠡᠳ | ᠵᠠᠬ᠎ᠠ ᠳᠡᠯᠭᠡᠭᠦᠷ ᠢ ᠵᠠᠪᠰᠠᠷ ᠦᠭᠡᠢ ᠵᠣᠯᠭᠠᠭᠤᠯᠬᠤ ᠶᠢ ᠠᠬᠢᠭᠤᠯᠵᠤ᠂ ᠦᠬᠡᠷ ᠤᠨ ᠠᠵᠤ ᠦᠢᠯᠡᠰ ᠤᠨ | ᠬᠥᠭᠵᠢᠯᠲᠡ ᠶᠢᠨ ᠪᠡᠯᠡ ᠮᠥᠩᠭᠦ᠂ ᠮᠡᠷᠭᠡᠵᠢᠯ᠂ ᠪᠣᠷᠤᠯᠠᠭᠤᠯᠭ᠎ᠠ ᠵᠡᠷᠭᠡ ᠲᠠᠯ᠎ᠠ ᠶᠢᠨ ᠪᠣᠭᠤᠮᠢ ᠶᠢᠨ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠨ᠎ᠡ᠃ | 2. ᠠᠵᠤ ᠦᠢᠯᠡᠰ ᠤᠨ ᠮᠥᠩᠭᠦᠨ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠪᠡᠯᠡ ᠲᠠᠳᠠᠬᠤ ᠪᠡᠯᠡ | ᠲᠤᠬᠢᠷᠠᠭᠤᠯᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠪᠠᠷ ᠭᠤᠣᠯ ᠪᠣᠯᠭᠠᠵᠤ᠂ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ ᠲᠥᠷᠥᠯ ᠵᠦᠢᠯ ᠢ ᠲᠡᠮᠡᠴᠡᠨ ᠣᠯᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ | ᠲᠠᠳᠠᠬᠤ᠂ ᠬᠤᠷᠰᠢᠨ ᠨᠡᠭᠡᠭᠡᠨ ᠬᠥᠭᠵᠢᠭᠦᠯᠬᠦ ᠶᠢ ᠴᠢᠩᠭᠠᠷᠠᠭᠤᠯᠤᠨ᠎ᠠ︔ ᠡᠳ᠋ ᠤᠨ ᠵᠠᠰᠠᠭ ᠤᠨ ᠪᠡᠯᠡ ᠮᠥᠩᠭᠦ᠂ | ᠨᠡᠶᠢᠭᠡᠮ ᠤᠨ ᠪᠡᠯᠡ ᠮᠥᠩᠭᠦ᠂ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ᠂ ᠮᠥᠩᠭᠦᠨ ᠭᠦᠢᠯᠭᠡᠭᠡᠨ ᠤ | ᠵᠢᠭᠡᠯᠡᠯᠭᠡ ᠶᠢᠨ ᠵᠢᠯᠣᠭᠤᠳᠤᠯᠭ᠎ᠠ ᠳᠣᠣᠷ᠎ᠠ ᠣᠯᠠᠨ ᠡᠰᠢᠴᠢᠯᠡᠨ ᠪᠡᠯᠡ ᠣᠷᠣᠭᠤᠯᠤᠭᠰᠠᠨ ᠦᠬᠡᠷ ᠤᠨ ᠠᠵᠤ | ᠦᠢᠯᠡᠰ ᠤᠨ ᠪᠡᠯᠡ ᠲᠠᠳᠠᠬᠤ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠦᠨ᠎ᠡ︔ ︽ᠵᠠᠰᠠᠭ ᠪᠠᠩᠬᠢ ᠠᠵᠤ ᠠᠬᠤᠶᠢᠯᠠᠯ ᠲᠠᠭᠠᠳᠬᠠᠯ︾ ᠤᠨ ᠬᠤᠯᠪᠤᠭᠠᠯᠠᠨ ᠳᠡᠮᠵᠢᠬᠦ ᠶᠢ | ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠪᠠᠷ ᠴᠢᠷᠮᠠᠶᠢᠨ᠎ᠠ᠃ | ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ ᠵᠡᠷᠭᠡ ᠬᠠᠷᠢᠶ᠎ᠠ ᠣᠷᠣᠨ ᠤ ᠳᠣᠲᠣᠷᠠᠬᠢ 6 ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ᠂ ᠠᠳᠠᠯᠢ ᠪᠤᠰᠤ ᠡᠲᠡᠭᠡᠳ ᠲᠤ ᠴᠢᠭᠯᠡᠭᠦᠯᠦᠨ ᠦᠬᠡᠷ ᠤᠨ ᠠᠵᠤ | ᠦᠢᠯᠡᠰ ᠤᠨ ᠬᠥᠭᠵᠢᠯᠲᠡ ᠶᠢ ᠳᠡᠮᠵᠢᠬᠦ 12 ᠵᠦᠢᠯ ᠤᠨ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠨᠡᠶᠢᠲᠡᠯᠡᠵᠦ᠂ | ᠵᠢᠭᠡᠯᠡᠯᠭᠡ ᠲᠠᠯᠪᠢᠬᠤ ᠬᠡᠮᠵᠢᠶ᠎ᠡ ᠶᠢ 3000 ᠲᠦᠮᠡᠨ ᠲᠥᠭᠦᠷᠢᠭ ᠬᠦᠷᠦᠭᠦᠯᠵᠦ᠂ ᠵᠢᠭᠡᠯᠡᠯᠭᠡ ᠶᠢᠨ ᠵᠢᠯ ᠤᠨ ᠬᠦᠦ | ᠮᠦᠩᠬᠦ ᠶᠢ 4% ᠠᠴᠠ ᠳᠣᠷᠣᠭᠰᠢ ᠪᠤᠯᠭᠠᠨ᠎ᠠ᠃ ᠠᠯᠠᠰᠢᠨ ᠦᠬᠡᠷ ᠤᠨ ᠠᠵᠤ ᠦᠢᠯᠡᠰ ᠤᠨ ᠲᠤᠰᠬᠠᠢ ᠪᠡᠯᠡ | ᠮᠥᠩᠭᠦ ᠶᠢ ᠴᠢᠷᠮᠠᠶᠢᠨ ᠣᠯᠵᠤ᠂ ᠲᠠᠷᠢᠶᠠᠯᠠᠩ ᠳᠤ ᠬᠤᠯᠪᠣᠭᠳᠠᠬᠤ ᠲᠥᠷᠥᠯ ᠵᠦᠢᠯ ᠤᠨ ᠪᠡᠯᠡ ᠮᠥᠩᠭᠦ ᠶᠢ ᠡᠮᠬᠢᠯᠡᠨ | ᠨᠡᠶᠢᠯᠡᠭᠦᠯᠬᠦ ᠶᠢ ᠠᠬᠢᠭᠤᠯᠤᠨ᠂ ᠵᠣᠬᠢᠬᠤ ᠬᠡᠪᠴᠢᠶᠡᠲᠦ ᠡᠵᠡᠩᠨᠡᠯᠲᠡ ᠶᠢ ᠭᠤᠣᠯᠳᠠᠯᠭ᠎ᠠ ᠲᠠᠢ ᠲᠡᠳᠬᠦᠨ᠎ᠡ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠠᠯᠠᠰᠢᠨ ᠦᠬᠡᠷ ᠤᠨ ᠠᠵᠤ ᠦᠢᠯᠡᠰ ᠤᠨ ᠢᠲᠡᠭᠡᠮᠵᠢᠲᠦ ᠵᠢᠭᠡᠯᠡᠯᠭᠡ ᠲᠠᠯᠪᠢᠬᠤ | ᠪᠠᠨ ᠥᠷᠭᠡᠳᠬᠡᠬᠦ ᠶᠢ ᠵᠣᠷᠢᠭᠵᠢᠭᠤᠯᠵᠤ᠂ ᠠᠮᠢᠳᠤ ᠮᠠᠯ ᠢᠶᠠᠷ ᠢᠶᠠᠨ ᠪᠠᠷᠢᠴᠠᠭᠠᠯᠠᠬᠤ ᠵᠡᠷᠭᠡ ᠵᠢᠭᠡᠯᠡᠯᠭᠡ ᠶᠢᠨ ᠬᠡᠪᠴᠢᠶ᠎ᠡ | ᠪᠠᠨ ᠥᠷᠭᠡᠳᠬᠡᠨ ᠨᠡᠮᠡᠭᠳᠡᠭᠦᠯᠬᠦ ᠶᠢ ᠠᠬᠢᠭᠤᠯᠵᠤ᠂ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠨ᠎ᠡ᠃ ᠠᠯᠠᠰᠢᠨ ᠦᠬᠡᠷ ᠤᠨ ᠳᠠᠭᠠᠳᠬᠠᠯ ᠤᠨ ᠬᠦᠷᠢᠶ᠎ᠡ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ | ᠂ ᠮᠠᠨ ᠤ ᠬᠤᠰᠢᠭᠤᠨ ᠤ ᠪᠣᠳᠠᠲᠠᠢ ᠳᠤ ᠨᠡᠶᠢᠴᠡᠬᠦ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠲᠤᠯᠠᠭ᠎ᠠ ᠶᠢᠨ | ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢᠨ ᠰᠠᠨᠠᠯ ᠢ ᠲᠣᠭᠲᠠᠭᠠᠨ᠂ ᠦᠬᠡᠷ ᠤᠨ ᠠᠵᠤ ᠦᠢᠯᠡᠰ ᠤᠨ ᠬᠥᠭᠵᠢᠯᠲᠡ ᠶᠢ | ᠲᠦᠷᠭᠡᠳᠬᠡᠵᠦ᠂ ᠪᠥᠬᠦ ᠬᠤᠰᠢᠭᠤᠨ ᠤ ᠦᠬᠡᠷ ᠤᠨ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ᠃ | 3. ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠤᠨ᠎ᠠ᠃ ︽ᠵᠠᠷᠤᠳ ᠲᠠᠯ᠎ᠠ | ᠨᠤᠲᠤᠭ ᠤᠨ ᠦᠬᠡᠷ︾ ᠤᠨ ᠬᠥᠭᠵᠢᠯᠲᠡ ᠶᠢ ᠲᠡᠳᠬᠦᠬᠦ ᠰᠠᠭᠤᠷᠢ ᠮᠥᠩᠭᠦ ᠶᠢ ᠪᠠᠶᠢᠭᠤᠯᠵᠤ᠂ ᠵᠠᠰᠠᠭ ᠤᠨ | ᠣᠷᠳᠣᠨ ᠠᠴᠠ ᠲᠤᠰᠬᠠᠢ ᠪᠡᠯᠡ ᠮᠥᠩᠭᠦ ᠲᠣᠬᠢᠷᠠᠭᠤᠯᠵᠤ᠂ ᠵᠦᠢᠯ ᠲᠣᠭᠲᠠᠭᠠᠨ ᠨᠥᠬᠦᠪᠦᠷᠢᠯᠡᠬᠦ᠂ ᠱᠠᠩᠨᠠᠬᠤ ᠪᠠᠷ | ᠨᠥᠬᠦᠪᠦᠷᠢᠯᠡᠬᠦ ᠶᠢ ᠣᠷᠣᠯᠠᠭᠤᠯᠬᠤ᠂ ᠪᠥᠬᠦ ᠲᠤᠭ᠎ᠠ ᠪᠠᠷ ᠲᠡᠮ ᠬᠦᠦ ᠲᠠᠢ ᠵᠢᠭᠡᠯᠡᠯᠭᠡ ᠲᠠᠯᠪᠢᠬᠤ ᠵᠡᠷᠭᠡ ᠬᠡᠯᠪᠡᠷᠢ ᠶᠢ | ᠠᠪᠴᠤ᠂ ᠡᠭᠦᠯᠳᠡᠷ ᠰᠠᠶᠢᠵᠢᠷᠠᠭᠤᠯᠬᠤ᠂ ᠪᠣᠷᠳᠣᠬᠤ᠂ ᠰᠦᠷᠦᠭ ᠢᠶᠠᠨ ᠥᠷᠭᠡᠳᠬᠡᠬᠦ᠂ ᠲᠡᠵᠢᠭᠡᠯ ᠡᠪᠡᠰᠦ᠂ ᠰᠢᠨᠵᠢᠯᠡᠬᠦ | ᠤᠬᠠᠭᠠᠨ ᠤ ᠰᠤᠳᠤᠯᠤᠯ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮᠴᠢᠯᠡᠭᠰᠡᠨ | ᠦᠢᠯᠡᠴᠢᠯᠡᠭᠡᠨ ᠵᠡᠷᠭᠡ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠡᠯ᠎ᠡ ᠭᠤᠭᠴᠤᠭ᠎ᠠ ᠳᠤ | ᠲᠥᠷᠥ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠬᠠᠩᠭᠠᠨ᠎ᠠ᠃ ᠨᠢᠭᠡ ᠳᠤ ᠡᠭᠦᠯᠳᠡᠷ ᠰᠠᠶᠢᠵᠢᠷᠠᠭᠤᠯᠬᠤ ᠶᠢ | ᠳᠡᠮᠵᠢᠵᠦ᠂ ᠴᠢᠨᠠᠷ ᠰᠠᠶᠢᠲᠠᠢ ᠡᠬᠡ ᠮᠠᠯ ᠢ ᠥᠷᠭᠡᠳᠬᠡᠨ ᠨᠡᠮᠡᠭᠳᠡᠭᠦᠯᠬᠦ ᠶᠢ ᠳᠡᠮᠵᠢᠵᠦ᠂ ᠲᠡᠵᠢᠭᠡᠨ ᠦᠷᠡᠵᠢᠭᠦᠯᠬᠦ ᠠᠵᠤ | ᠠᠬᠤᠶᠢᠯᠠᠯ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠠᠮᠲᠤᠷᠠᠯᠴᠠᠭ᠎ᠠ ᠶᠢ ᠳᠡᠮᠵᠢᠵᠦ | ᠂ ᠬᠦᠪᠦᠷᠡᠯ ᠰᠢᠯᠵᠢᠭᠦᠯᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠬᠦᠪᠦᠷᠡᠯ ᠰᠢᠯᠵᠢᠭᠦᠯᠤᠭ᠍ᠰᠡᠨ ᠳᠤ ᠨᠥᠬᠦᠪᠦᠷᠢ | ᠥᠭᠭᠦᠨ᠎ᠡ᠃ ᠲᠤᠰᠬᠠᠢ ᠪᠡᠯᠡ ᠮᠥᠩᠭᠦ ᠭᠠᠷᠭᠠᠵᠤ᠂ ᠴᠢᠨᠠᠷ ᠰᠠᠶᠢᠲᠠᠢ ᠢᠴᠡᠭᠡᠯ ᠦᠷ᠎ᠡ ᠬᠤᠳᠠᠯᠳᠤᠨ ᠤᠷᠤᠭᠤᠯᠤᠭᠰᠠᠨ | ᠳᠤ ᠵᠤᠬᠢᠬᠤ ᠨᠥᠬᠦᠪᠦᠷᠢ ᠥᠭᠴᠦ᠂ ᠢᠴᠡᠭᠡᠯ ᠦᠷ᠎ᠡ ᠪᠠᠷ ᠬᠡᠭᠡᠯᠲᠦᠭᠦᠯᠬᠦ ᠬᠦᠪᠦᠷᠡᠯ ᠰᠢᠯᠵᠢᠭᠦᠯᠬᠦ ᠪᠠᠷ ᠳᠠᠮᠵᠢᠭᠤᠯᠤᠨ᠂ | ᠴᠢᠨᠠᠷ ᠢ ᠲᠡᠭᠡᠭᠰᠢᠯᠡᠭᠦᠯᠬᠦ ᠦᠷ᠎ᠡ ᠪᠦᠲᠦᠮᠵᠢ ᠳᠤ ᠬᠦᠷᠦᠭᠦᠯᠦᠨ᠎ᠡ᠃ ᠬᠤᠶᠠᠷ ᠲᠤ ᠪᠦᠲᠦᠭᠡᠨ ᠪᠠᠶᠢᠭᠤᠯᠤᠯᠲᠠ | ᠬᠢᠭᠰᠡᠨ ᠳᠤ ᠳᠡᠮᠵᠢᠯᠭᠡ ᠦᠵᠡᠭᠦᠯᠤᠨ᠎ᠡ᠃ ᠲᠡᠵᠢᠭᠡᠪᠤᠷᠢ ᠶᠢᠨ ᠲᠠᠯᠠᠪᠠᠢ᠂ ᠲᠡᠵᠢᠭᠡᠪᠤᠷᠢ ᠶᠢᠨ ᠡᠷᠥᠭᠡ ᠶᠢᠨ | ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠬᠢᠬᠦ ᠶᠢ ᠲᠡᠮᠵᠢᠵᠤ᠂ ᠰᠢᠨᠡᠪᠡᠷ ᠪᠠᠷᠢᠮᠵᠢᠶᠠᠵᠢᠭᠤᠯᠤᠭᠰᠠᠨ | ᠳᠤᠯᠠᠭᠠᠨ ᠫᠧᠩ ᠪᠠᠶᠢᠭᠤᠯᠬᠤ ᠲᠡᠵᠢᠭᠡᠪᠤᠷᠢ ᠶᠢᠨ ᠲᠠᠯᠠᠪᠠᠢ ︵ᠡᠷᠥᠭᠡ︶ ᠲᠤ ᠤᠷᠢᠳᠠᠪᠠᠷ ᠪᠠᠶᠢᠭᠤᠯᠵᠤ ᠲᠠᠷᠠᠭ᠎ᠠ ᠨᠢ | ᠨᠥᠬᠦᠪᠦᠷᠢ ᠥᠭᠬᠦ ᠠᠷᠭ᠎ᠠ ᠮᠠᠶ᠋ᠢᠭ ᠢᠶᠠᠷ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠦᠭᠭᠦᠨ᠎ᠡ᠂ ᠨᠥᠬᠦᠪᠦᠷᠢ ᠥᠭᠬᠦ | ᠲᠥᠷᠥ ᠶᠢᠨ ᠪᠣᠳᠣᠯᠭ᠎ᠠ ᠶᠢ ᠭᠤᠷᠪᠠᠨ ᠵᠢᠯ ᠳᠣᠲᠣᠷ᠎ᠠ ᠵᠦᠪᠬᠡᠨ ᠨᠢᠭᠡ ᠯᠡ ᠤᠳᠠᠭ᠎ᠠ ᠬᠥᠷᠳᠡᠨ᠎ᠡ᠃ ᠭᠤᠷᠪᠠ ᠳᠤ | ᠪᠤᠷᠳᠤᠬᠤ ᠶᠢ ᠳᠡᠮᠵᠢᠨ᠎ᠡ᠃ ᠬᠤᠰᠢᠭᠤᠨ ᠳᠣᠲᠣᠷ᠎ᠠ ᠪᠠᠨ ᠪᠣᠷᠳᠣᠵᠤ᠂ ᠲᠤᠬᠠᠢ ᠶᠢᠨ ᠭᠠᠵᠠᠷ ᠲᠠᠭᠠᠨ ᠨᠢᠲᠤᠯᠬᠤ᠂ | ᠥᠪᠡᠰᠦᠪᠡᠨ ᠦᠷᠡᠵᠢᠭᠦᠯᠵᠦ ᠥᠪᠡᠰᠦᠪᠡᠨ ᠪᠣᠶᠢᠵᠢᠭᠤᠯᠬᠤ ᠪᠤᠶᠤ ᠶᠠᠳᠠᠷ ᠲᠤᠷᠤᠢ ᠦᠬᠡᠷ ᠬᠤᠳᠠᠯᠳᠤᠨ ᠠᠪᠴᠤ | ᠵᠣᠬᠢᠬᠤ ᠬᠤᠭᠤᠴᠠᠭ᠎ᠠ ᠪᠣᠷᠳᠣᠵᠤ ᠲᠠᠷᠭᠤᠯᠠᠭᠤᠯᠬᠤ ᠶᠢ ᠵᠣᠷᠢᠭᠵᠢᠭᠤᠯᠵᠤ᠂ ᠪᠡᠶ᠎ᠡ ᠶᠢᠨ ᠬᠦᠨᠳᠦ ᠨᠢ ᠲᠣᠭᠲᠠᠭᠰᠠᠨ | ᠬᠦᠨᠳᠦ ᠶᠢᠨ ᠬᠡᠮᠵᠢᠶ᠎ᠡ ᠠᠴᠠ ᠳᠡᠭᠡᠭᠰᠢ ᠪᠠᠶᠢᠪᠠᠯ᠂ ᠨᠥᠬᠦᠪᠦᠷᠢ ᠳᠡᠮᠵᠢᠯᠭᠡ ᠣᠯᠭᠤᠨ᠎ᠠ︔ ᠲᠣᠰ ᠭᠠᠵᠠᠷ ᠲᠤ | ᠨᠢᠲᠤᠯᠵᠤ ᠡᠳ᠋ᠰᠢᠭᠦᠯᠬᠦ ᠳᠤ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠠᠷᠭ᠎ᠠ ᠮᠠᠶ᠋ᠢᠭ ᠢᠶᠠᠷ ᠨᠥᠬᠦᠪᠦᠷᠢ ᠥᠭᠭᠦᠨ᠎ᠡ | ᠃ ᠳᠥᠷᠪᠡ ᠳᠤ ᠰᠦ ᠶᠢᠨ ᠦᠢᠯᠡᠰ ᠢ ᠲᠡᠮᠵᠢᠨ᠎ᠡ᠃ ᠲᠡᠵᠢᠭᠡᠪᠤᠷᠢ ᠶᠢᠨ ᠠᠵᠤ ᠠᠬᠤᠶᠢᠯᠠᠯ᠂ ᠲᠡᠵᠢᠭᠡᠪᠤᠷᠢ ᠶᠢᠨ | ᠡᠷᠦᠬᠡ ᠶᠢᠨ ᠰᠢᠮᠧᠨ᠋ᠲ᠋ᠠᠷ ᠦᠭᠡᠷ ᠤᠨ ᠰᠦ ᠶᠢᠨ ᠦᠢᠯᠡᠰ ᠢ ᠬᠦᠭᠵᠢᠭᠦᠯᠬᠦ ᠶᠢ ᠳᠡᠮᠵᠢᠵᠦ᠂ ᠨᠥᠬᠦᠴᠡᠯ ᠳᠤ ᠨᠡᠶᠢᠴᠡᠬᠦ | ᠲᠡᠵᠢᠭᠡᠪᠤᠷᠢ ᠶᠢᠨ ᠡᠷᠦᠬᠡ ᠳᠤ ᠵᠣᠬᠢᠬᠤ ᠨᠥᠬᠦᠪᠦᠷᠢ ᠣᠯᠭᠤᠨ᠎ᠠ᠃ ᠲᠠᠪᠤ ᠳᠤ ᠳᠠᠭᠠᠳᠬᠠᠯ ᠢᠶᠠᠷ ᠲᠡᠳᠬᠦᠨ ᠲᠡᠮᠵᠢᠨ᠎ᠡ᠃ | ᠠᠯᠠᠰᠢᠨ ᠦᠬᠡᠷ ᠤᠨ ᠳᠠᠭᠠᠳᠬᠠᠯ ᠤᠨ ᠵᠠᠷᠤᠳᠠᠯ ᠳᠤ ᠨᠥᠬᠦᠪᠦᠷᠢ ᠥᠭᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ | ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ | ᠡᠷᠦᠬᠡ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠳᠬᠠᠨ᠎ᠠ᠃ ᠵᠢᠷᠭᠤᠭ᠎ᠠ ᠳᠤ ᠲᠡᠵᠢᠭᠡᠯ | ᠪᠣᠷᠳᠤᠭ᠎ᠠ ᠪᠠᠷ ᠳᠡᠮᠵᠢᠨ᠎ᠡ᠃ ᠡᠭᠡᠯᠵᠢᠯᠡᠭᠦᠯᠦᠨ ᠲᠡᠳᠬᠦᠬᠦ᠂ ᠤᠷᠢᠳᠠᠪᠠᠷ ᠬᠠᠳᠠᠭᠠᠯᠠᠵᠤ ᠳᠠᠷᠠᠭ᠎ᠠ ᠨᠢ ᠨᠥᠬᠦᠪᠦᠷᠢᠯᠡᠬᠦ | ᠠᠷᠭ᠎ᠠ ᠮᠠᠶ᠋ᠢᠭ ᠢ ᠠᠪᠴᠤ᠂ ᠡᠷᠳᠡᠨᠢ ᠰᠢᠰᠢ ᠶᠢ ᠬᠦᠭᠡ ᠪᠠᠷ ᠲᠠᠷᠤᠰᠢᠭᠤᠯᠤᠨ ᠬᠠᠳᠠᠭᠠᠯᠠᠵᠤ ᠪᠠᠶᠢᠭ᠎ᠠ ᠲᠡᠵᠢᠭᠡᠨ | ᠦᠷᠡᠵᠢᠭᠦᠯᠬᠦ ᠭᠤᠣᠯ ᠴᠣᠭᠴᠠ ᠳᠤ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠶᠣᠰᠣᠭᠠᠷ ᠨᠥᠬᠦᠪᠦᠷᠢ | ᠣᠯᠭᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠶᠡᠬᠡᠪᠡᠷ ᠰᠢᠯᠢᠳᠡᠭᠵᠢᠭᠦᠯᠤᠨ᠎ᠡ᠂ ᠦᠬᠡᠷ ᠤᠨ ᠠᠵᠤ | ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠭᠤᠭᠴᠤᠭ᠎ᠠ ᠶᠢ ᠪᠠᠭᠠᠰᠬᠠᠬᠤ᠂ | ᠮᠠᠲ᠋ᠧᠷᠢᠶᠠᠯ ᠢ ᠪᠠᠭᠠᠰᠬᠠᠬᠤ᠂ ᠴᠠᠭ ᠢ ᠪᠠᠭᠠᠰᠬᠠᠬᠤ᠂ ᠳᠤᠲᠠᠭᠤ ᠲᠤᠷᠭᠤᠨ ᠢ ᠠᠭᠤᠴᠢᠯᠠᠨ ᠭᠦᠢᠴᠡᠳᠬᠡᠬᠦ᠂ ᠴᠠᠭ | ᠬᠢᠵᠠᠭᠠᠷᠯᠠᠨ ᠭᠦᠢᠴᠡᠳᠬᠡᠬᠦ᠂ ᠲᠥᠷᠥᠯ ᠵᠦᠢᠯ ᠲᠣᠭᠲᠠᠭᠠᠬᠤ᠂ ᠭᠠᠵᠠᠷ ᠬᠡᠷᠡᠭᠯᠡᠬᠦ᠂ ᠭᠠᠶᠢᠯᠢ ᠰᠦᠢᠳᠬᠡᠯ᠂ ᠢᠵᠢ | ᠪᠦᠷᠢᠳᠦᠭᠦᠯᠬᠦ ᠪᠡᠯᠡᠳᠬᠡᠮᠵᠢ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠦᠬᠡᠷ ᠤᠨ ᠠᠵᠤ ᠦᠢᠯᠡᠰ ᠳᠠᠰᠢ | ᠬᠡᠯᠪᠡᠶᠢᠯᠭᠡᠨ᠎ᠡ᠃ | 4. ᠰᠢᠨᠵᠢᠯᠡᠭᠡ ᠮᠡᠷᠭᠡᠵᠢᠯ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠵᠠᠷᠤᠳ ᠬᠤᠰᠢᠭᠤᠨ ᠤ | ᠦᠬᠡᠷ ᠤᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠵᠤ᠂ ᠡᠯᠧᠺᠲᠷᠣᠨ ᠴᠢᠬᠢᠨ ᠲᠡᠮᠳᠡᠭ ᠤᠨ | ᠪᠠᠶᠢᠷᠢ ᠲᠣᠭᠲᠠᠭᠠᠬᠤ ᠬᠠᠮᠢᠶᠠᠷᠤᠯᠲᠠ ᠶᠢ ᠭᠤᠣᠯᠳᠠᠯᠭ᠎ᠠ ᠲᠠᠢ ᠥᠷᠨᠢᠭᠦᠯᠵᠦ᠂ ᠨᠥᠬᠦᠴᠡᠯ ᠪᠦᠷᠢᠯᠳᠦᠭᠦᠯᠦᠭᠰᠡᠨ ᠠᠵᠤ | ᠠᠬᠤᠶᠢᠯᠠᠯ ᠤᠨ ᠣᠶᠤᠨᠴᠢᠯᠠᠭᠰᠠᠨ ᠲᠥᠬᠦᠭᠡᠷᠦᠮᠵᠢ ᠵᠢᠴᠢ ᠮᠡᠳᠡᠭᠡ ᠵᠠᠩᠭᠢ ᠶᠢᠨ ᠮᠡᠷᠭᠡᠵᠢᠯ ᠢ ᠳᠡᠰ ᠳᠡᠪᠰᠢᠭᠦᠯᠦᠨ | ᠥᠭᠡᠷᠡᠴᠢᠯᠡᠵᠦ᠂ ᠠᠮᠢᠳᠤ ᠮᠠᠯ ᠢᠶᠠᠷ ᠢᠶᠠᠨ ᠪᠠᠷᠢᠴᠠᠭᠠᠯᠠᠬᠤ᠂ ᠠᠯᠠᠰᠢᠨ ᠦᠬᠡᠷ ᠤᠨ ᠳᠠᠭᠠᠳᠬᠠᠯ ᠵᠡᠷᠭᠡ | ᠲᠤᠬᠠᠶᠢᠯᠠᠭᠰᠠᠨ ᠠᠵᠢᠯ ᠳᠤ ᠪᠠᠨ ᠲᠦᠰᠢᠭᠯᠡᠬᠦ ᠶᠢ ᠠᠬᠢᠭᠤᠯᠵᠤ᠂ ᠲᠡᠵᠢᠭᠡᠪᠤᠷᠢ ᠶᠢᠨ ᠠᠵᠤ ᠠᠬᠤᠶᠢᠯᠠᠯ᠂ ᠰᠦᠯᠵᠢᠶᠡᠨ | ᠳᠡᠭᠡᠷᠡᠬᠢ ᠠᠷᠠᠯᠵᠢᠶ᠎ᠠ ᠪᠠ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠪᠠᠶᠢᠴᠠᠭᠠᠵᠤ ᠯᠠᠪᠯᠠᠬᠤ ᠰᠢᠰᠲ᠋ᠧᠮ ᠢ | ᠪᠠᠶᠢᠭᠤᠯᠵᠤ᠂ ᠲᠡᠵᠢᠭᠡᠨ ᠦᠷᠡᠵᠢᠭᠦᠯᠬᠦ᠂ ᠠᠷᠠᠯᠵᠢᠶᠠᠯᠠᠬᠤ᠂ ᠨᠢᠲᠤᠯᠬᠤ᠂ ᠡᠳ᠋ᠰᠢᠭᠦᠯᠬᠦ᠂ ᠬᠡᠷᠡᠭᠯᠡᠭᠡ ᠵᠡᠷᠭᠡ ᠡᠯ᠎ᠡ | ᠵᠠᠩᠭᠢᠯᠠᠭ᠎ᠠ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢ ᠵᠣᠯᠭᠠᠭᠤᠯᠬᠤ᠂ ᠺᠣᠮᠫᠠᠨᠢ ᠠᠴᠠ ᠴᠠᠭ ᠲᠤᠬᠠᠢ ᠳᠤᠨᠢ ᠬᠢᠨᠠᠨ | ᠡᠵᠡᠮᠳᠡᠬᠦ ᠪᠠ ᠨᠢᠭᠡᠳᠦᠯᠲᠡᠢ ᠮᠡᠳᠡᠭᠡ ᠵᠠᠩᠭᠢᠵᠢᠭᠤᠯᠤᠭᠰᠠᠨ ᠣᠶᠤᠨᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ | ᠪᠣᠬᠢᠷᠳᠤᠯ ᠦᠭᠡᠢ ᠲᠡᠵᠢᠭᠡᠨ ᠦᠷᠡᠵᠢᠭᠦᠯᠬᠦ᠂ ᠲᠡᠵᠢᠭᠡᠯ ᠪᠣᠷᠳᠤᠭ᠎ᠠ ᠶᠢᠨ ᠦᠢᠯᠡᠳᠪᠦᠷᠢᠯᠡᠯ᠂ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠦᠢᠯᠡᠳᠬᠦᠨ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ | ᠦᠢᠯᠡᠳᠪᠦᠷᠢᠯᠡᠯ ᠤᠨ ᠮᠡᠷᠭᠡᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠤᠰᠢᠭᠤ᠂ | ᠪᠠᠯᠭᠠᠰᠤ᠂ ᠲᠣᠰᠬᠤᠨ ᠭᠤᠷᠪᠠᠨ ᠱᠠᠲᠤᠨ ᠤ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠭᠤᠯᠤᠯ ᠢ | ᠥᠷᠭᠡᠨ ᠢᠶᠠᠷ ᠥᠷᠨᠢᠭᠦᠯᠵᠦ᠂ ᠮᠠᠯᠴᠢᠨ ᠲᠠᠷᠢᠶᠠᠴᠢᠳ ᠲᠤ ᠥᠴᠥᠬᠡᠨ ᠴᠦ ᠵᠠᠢ ᠵᠠᠪᠰᠠᠷ ᠦᠭᠡᠢ ᠰᠢᠨᠵᠢᠯᠡᠭᠡ | ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ᠪᠠᠷᠢᠮᠵᠢᠶᠠᠵᠢᠭᠤᠯᠤᠭᠰᠠᠨ ᠲᠡᠵᠢᠭᠡᠪᠤᠷᠢ ᠶᠢᠨ ᠲᠠᠯᠠᠪᠠᠶ᠂ ᠲᠡᠵᠢᠭᠡᠯ ᠡᠪᠡᠰᠦ | ᠪᠣᠷᠳᠤᠭ᠎ᠠ ᠶᠢᠨ ᠦᠢᠯᠡᠳᠪᠦᠷᠢᠯᠡᠯ᠂ ᠡᠬᠡ ᠮᠠᠯ ᠦᠷᠡᠵᠢᠭᠦᠯᠦᠨ ᠪᠣᠶᠢᠵᠢᠭᠤᠯᠬᠤ᠂ ᠠᠯᠠᠰᠢᠨ ᠦᠬᠡᠷ ᠪᠤᠷᠳᠤᠬᠤ ᠵᠡᠷᠭᠡ | ᠦᠢᠯᠡᠳᠪᠦᠷᠢᠯᠡᠯ ᠤᠨ ᠭᠤᠭᠴᠤᠭ᠎ᠠ ᠶᠢᠨ ᠲᠣᠭᠤᠷᠢᠨ ᠳᠤ᠂ ᠨᠢᠭᠡ ᠪᠦᠯᠦᠭ ᠶᠡᠷᠦᠩᠬᠡᠶᠢᠯᠡᠭᠰᠡᠨ ᠢᠵᠢ ᠪᠦᠷᠢᠳᠤᠭ᠍ᠰᠡᠨ | ᠬᠡᠷᠡᠭᠯᠡᠭᠡᠨ ᠤ ᠴᠢᠨᠠᠷᠲᠠᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ | ᠰᠠᠶᠢᠲᠠᠢ᠂ ᠥᠨᠳᠥᠷ ᠦᠷ᠎ᠡ ᠪᠦᠲᠦᠮᠵᠢᠲᠡᠶ᠂ ᠠᠮᠤᠷ ᠲᠦᠪᠰᠢᠨ ᠬᠦᠭᠵᠢᠯᠳᠡ ᠶᠢ ᠠᠬᠢᠭᠤᠯᠤᠨ᠎ᠠ᠃ | ᠲᠠᠪᠤᠳᠤᠭᠠᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ | ᠪᠦᠷᠢᠨᠰᠢᠭᠦᠯᠤᠨ᠎ᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ᠂ ᠬᠤᠰᠢᠭᠤᠨ ᠲᠠᠰ ᠤᠨ ᠬᠠᠮᠢᠶ᠎ᠠ ᠪᠦᠬᠦᠢ ᠤᠳᠤᠷᠢᠳᠤᠯᠭ᠎ᠠ ᠪᠠᠷ ᠳᠡᠳ᠋ ᠳᠤᠭᠤᠶᠢᠯᠠᠩ ᠤᠨ | ᠳᠠᠷᠤᠭ᠎ᠠ ᠪᠤᠯᠭᠠᠭᠰᠠᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ᠂ | ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠠ ᠪᠠ ᠰᠢᠨᠵᠢᠯᠡᠭᠡ ᠮᠡᠷᠭᠡᠵᠢᠯ᠂ | ᠬᠤᠳᠠᠯᠳᠤᠭᠠᠨ ᠤ ᠶᠠᠪᠤᠳᠠᠯ᠂ ᠮᠥᠩᠭᠦᠨ ᠭᠦᠢᠯᠭᠡᠭᠡ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠪᠦᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠢ | ᠴᠢᠨᠠᠷ ᠰᠠᠶᠢᠲᠠᠢ ᠬᠦᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠦᠬᠡᠷ ᠤᠨ ᠠᠵᠤ | ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠭᠤᠣᠯᠳᠠᠯᠭ᠎ᠠ ᠲᠠᠢ ᠠᠰᠠᠭᠤᠳᠠᠯ ᠬᠦᠴᠢᠷ | ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠰᠢᠯᠢᠳᠡᠭ ᠬᠦᠴᠦᠨ ᠢ ᠲᠠᠲᠠᠵᠤ ᠲᠠᠬᠢᠨ ᠠᠯᠠᠰᠢᠨ ᠦᠬᠡᠷ ᠤᠨ ᠠᠵᠤ | ᠦᠢᠯᠡᠰ ᠤᠨ ᠠᠯᠪᠠᠨ ᠭᠡᠷ ᠲᠤᠬᠢᠷᠠᠭᠤᠯᠵᠤ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ | ᠬᠠᠷᠢᠭᠤᠴᠠᠨ᠎ᠠ᠃ ᠡᠯ᠎ᠡ ᠰᠤᠮᠤ ᠪᠠᠯᠭᠠᠰᠤ ᠲᠠᠯᠠᠪᠠᠶ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠨᠦᠭᠦᠳ | ᠠᠵᠢᠯ ᠤᠨ ᠪᠠᠶᠢᠭᠤᠯᠤᠮᠵᠢ ᠲᠤᠭᠳᠠᠴᠠ ᠪᠠᠷ ᠯᠠᠪᠯᠠᠯᠲᠠ ᠪᠣᠯᠭᠠᠵᠤ᠂ ᠦᠬᠡᠷ ᠤᠨ ᠠᠵᠤ ᠦᠢᠯᠡᠰ ᠤᠨ | ᠬᠥᠭᠵᠢᠯᠲᠡ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ | ᠬᠡᠷᠡᠭᠲᠡᠢ᠃ | ︵ᠬᠤᠶᠠᠷ︶ ᠪᠡᠯᠡ ᠮᠥᠩᠭᠦ ᠭᠤᠶᠤᠴᠢᠯᠠᠨ ᠲᠥᠷᠥᠯ ᠵᠦᠢᠯ ᠲᠣᠭᠲᠠᠭᠠᠬᠤ ᠪᠠᠨ ᠴᠢᠩᠭᠠᠳᠬᠠᠵᠤ᠂ | ᠬᠤᠳᠠᠯᠳᠤᠭᠠᠴᠢᠨ ᠤᠷᠢᠵᠤ ᠪᠡᠯᠡ ᠲᠠᠳᠠᠬᠤ ᠶᠢ ᠥᠷᠭᠡᠳᠬᠡᠨ᠎ᠡ᠃ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ᠂ | ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠠ ᠪᠠ ᠰᠢᠨᠵᠢᠯᠡᠭᠡ ᠮᠡᠷᠭᠡᠵᠢᠯ᠂ | ᠡᠳ᠋ ᠤᠨ ᠵᠠᠰᠠᠭ᠂ ᠬᠤᠳᠠᠯᠳᠤᠭᠠᠨ ᠤ ᠶᠠᠪᠤᠳᠠᠯ᠂ ᠤᠰᠤᠨ ᠤ ᠶᠠᠪᠤᠳᠠᠯ᠂ ᠣᠶ ᠰᠢᠭᠤᠢ ᠨᠤᠳᠤᠭ ᠪᠡᠯᠴᠢᠭᠡᠷ᠂ ᠠᠮᠢ | ᠠᠬᠤᠢ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠬᠢᠨ ᠪᠡᠯᠡ ᠮᠥᠩᠭᠦ ᠭᠤᠶᠤᠴᠢᠯᠠᠨ ᠲᠥᠷᠥᠯ ᠵᠦᠢᠯ ᠲᠣᠭᠲᠠᠭᠠᠬᠤ ᠡᠷᠴᠢᠮ ᠢᠶᠠᠨ | ᠴᠢᠩᠭᠠᠷᠠᠭᠤᠯᠵᠤ᠂ ᠲᠥᠷᠥᠯ ᠵᠦᠢᠯ ᠲᠣᠭᠲᠠᠭᠠᠬᠤ ᠬᠢᠨᠠᠨ ᠵᠦᠪᠰᠢᠶᠡᠷᠡᠭᠦᠯᠬᠦ᠂ ᠲᠥᠷᠥᠯ ᠵᠦᠢᠯ ᠤᠨ ᠪᠡᠯᠡ ᠮᠥᠩᠭᠦ᠂ | ᠢᠵᠢ ᠪᠦᠷᠢᠳᠦᠭᠦᠯᠬᠦ ᠲᠥᠬᠦᠭᠡᠷᠦᠮᠵᠢ᠂ ᠭᠠᠵᠠᠷ ᠬᠡᠷᠡᠭᠯᠡᠬᠦ ᠭᠦᠢᠴᠡᠳᠬᠡᠯ ᠲᠤᠭ᠎ᠠ᠂ ᠡᠨᠧᠷᠭᠢ ᠶᠢᠨ ᠬᠤᠷᠣᠭᠳᠠᠯ ᠤᠨ | ᠭᠦᠢᠴᠡᠳᠬᠡᠯ ᠲᠤᠭ᠎ᠠ ᠵᠡᠷᠭᠡ ᠣᠯᠠᠨ ᠲᠠᠯ᠎ᠠ ᠠᠴᠠ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠡᠮᠵᠢᠯᠭᠡ ᠶᠢ | ᠣᠯᠬᠤ ᠪᠠᠷ ᠴᠢᠷᠮᠠᠶᠢᠨ᠎ᠠ᠃ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ ᠡᠬᠡ | ᠮᠠᠯ ᠲᠡᠵᠢᠭᠡᠨ ᠦᠷᠡᠵᠢᠭᠦᠯᠬᠦ᠂ ᠬᠡᠪᠴᠢᠶᠡᠵᠢᠭᠦᠯᠦᠨ ᠪᠣᠷᠳᠣᠬᠤ᠂ ᠲᠡᠵᠢᠭᠡᠯ ᠡᠪᠡᠰᠦᠨ ᠤ ᠦᠢᠯᠡᠳᠪᠦᠷᠢᠯᠡᠯ᠂ ᠪᠠᠭᠠᠰᠤ | ᠢᠯᠭᠠᠳᠠᠰᠤ ᠶᠢᠨ ᠪᠤᠬᠢᠷᠳᠤᠯ ᠢ ᠬᠤᠪᠢᠷᠠᠭᠤᠯᠬᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠢ | ᠪᠠᠶᠢᠴᠠᠭᠠᠨ ᠬᠡᠮᠵᠢᠬᠦ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠪᠠ ᠪᠠᠶᠢᠭᠤᠯᠤᠮᠵᠢ ᠶᠢ ᠢᠳᠡᠪᠬᠢᠲᠡᠢ ᠪᠠᠷ | ᠣᠷᠣᠭᠤᠯᠤᠨ ᠠᠪᠴᠢᠷᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠶᠢ ᠳᠡᠮᠵᠢᠵᠦ᠂ | ᠪᠡᠯᠡ ᠣᠷᠣᠭᠤᠯᠤᠯᠲᠠ ᠶᠢᠨ ᠭᠤᠣᠯ ᠴᠣᠭᠴᠠ ᠶᠢ ᠣᠯᠠᠨ ᠡᠰᠢᠵᠢᠭᠦᠯᠬᠦ᠂ ᠠᠵᠢᠯᠯᠠᠭᠠᠨ ᠤ ᠠᠷᠭ᠎ᠠ ᠮᠠᠶ᠋ᠢᠭ ᠢ ᠵᠠᠬ᠎ᠠ | ᠳᠡᠯᠭᠡᠭᠦᠷᠴᠢᠯᠡᠬᠦ ᠶᠢ ᠪᠡᠶᠡᠯᠡᠭᠦᠯᠦᠨ᠂ ᠬᠡᠪᠴᠢᠶᠡᠵᠢᠭᠰᠡᠨ᠂ ᠥᠨᠳᠥᠷ ᠦᠷ᠎ᠡ ᠠᠰᠢᠭ ᠲᠠᠢ ᠠᠯᠠᠰᠢᠨ ᠦᠬᠡᠷ ᠤᠨ ᠠᠵᠤ | ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ | ︵ᠭᠤᠷᠪᠠ︶ ᠠᠵᠢᠯ ᠤᠨ ᠲᠣᠭᠲᠠᠴᠠ ᠪᠠᠨ ᠪᠦᠷᠢᠨᠰᠢᠭᠦᠯᠵᠦ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ | ᠴᠢᠩᠭᠠᠷᠠᠭᠤᠯᠤᠨ᠎ᠠ᠃ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠤᠭᠳᠠᠭᠰᠠᠨ ᠬᠤᠭᠤᠴᠠᠭ᠎ᠠ ᠳᠤ | ᠲᠣᠬᠢᠷᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠷᠪᠠᠨ ᠡᠳᠦᠷ ᠲᠤ ᠲᠣᠭᠲᠠᠮᠠᠯ ᠬᠤᠷᠠᠯ ᠬᠢᠬᠦ᠂ | ᠰᠠᠷ᠎ᠠ ᠶᠢᠨ ᠲᠣᠬᠢᠷᠠᠭᠤᠯᠤᠯᠲᠠ ᠶᠢᠨ ᠬᠤᠷᠠᠯ ᠬᠢᠬᠦ᠂ ᠤᠯᠠᠷᠢᠯ ᠢᠶᠠᠷ ᠦᠨᠡᠯᠡᠨ ᠵᠠᠳᠠᠯᠤᠯᠲᠠ ᠬᠢᠬᠦ ᠶᠢ ᠬᠡᠷᠡᠭᠵᠢᠭᠦᠯᠦᠨ᠂ | ᠴᠠᠭ ᠲᠤᠬᠠᠢ ᠳᠤᠨᠢ ᠪᠠᠶᠢᠳᠠᠯ ᠢ ᠡᠵᠡᠮᠰᠢᠨ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠰᠢᠯᠭᠠᠨ ᠬᠢᠨᠠᠵᠤ | ᠦᠨᠡᠯᠡᠬᠦ ᠲᠣᠭᠲᠠᠴᠠ ᠶᠢ ᠪᠠᠶᠢᠭᠤᠯᠤᠨ᠂ ᠣᠨ ᠤ ᠠᠵᠢᠯᠯᠠᠭ᠎ᠠ ᠶᠢᠨ ᠲᠥᠯᠥᠪᠯᠡᠭᠡ ᠶᠢᠨ ᠲᠣᠭᠤᠷᠢᠨ ᠳᠤ ᠰᠠᠯᠠᠭ᠎ᠠ | ᠮᠥᠴᠢᠷ ᠪᠠ ᠰᠤᠮᠤ ᠪᠠᠯᠭᠠᠰᠤ ᠲᠠᠯᠠᠪᠤᠷ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢᠨ | ᠭᠦᠢᠴᠡᠳᠬᠡᠯ ᠲᠤᠭ᠎ᠠ ᠶᠢ ᠨᠠᠷᠢᠯᠢᠭᠵᠢᠭᠤᠯᠵᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠰᠤᠮᠤ ᠪᠠᠯᠭᠠᠰᠤ ᠲᠠᠯᠠᠪᠤᠷ ᠤᠨ ᠣᠨ ᠤ ᠪᠣᠳᠠᠲᠤ ᠠᠮᠵᠢᠯᠲᠠ ᠶᠢ ᠰᠢᠯᠭᠠᠨ ᠬᠢᠨᠠᠬᠤ ᠰᠢᠰᠲ᠋ᠧᠮᠵᠢ ᠳᠤ | ᠣᠷᠣᠭᠤᠯᠤᠨ ᠰᠢᠯᠭᠠᠨ ᠦᠨᠡᠯᠡᠨ᠎ᠡ᠃ ᠬᠢᠨᠠᠨ ᠵᠢᠯᠤᠭᠤᠳᠴᠤ ᠪᠠᠶᠢᠴᠠᠭᠠᠬᠤ ᠲᠣᠭᠲᠠᠴᠠ ᠪᠠᠶᠢᠭᠤᠯᠵᠤ᠂ ᠬᠤᠰᠢᠭᠤᠨ | ᠨᠠᠮ ᠤᠨ ᠬᠤᠷᠢᠶ᠎ᠠ ᠶᠢᠨ ᠱᠠᠭᠠᠷᠳᠠᠨ ᠪᠠᠶᠢᠴᠠᠭᠠᠬᠤ ᠲᠠᠰᠤᠭ᠂ ᠬᠤᠰᠢᠭᠤᠨ ᠵᠠᠰᠠᠭ ᠤᠨ ᠣᠷᠳᠣᠨ ᠤ ᠱᠠᠭᠠᠷᠳᠠᠨ | ᠪᠠᠶᠢᠴᠠᠭᠠᠬᠤ ᠲᠠᠰᠤᠭ ᠨᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠬᠡᠯᠪᠡᠷᠢ ᠪᠠᠷ ᠱᠠᠭᠠᠷᠳᠠᠨ | ᠪᠠᠶᠢᠴᠠᠭᠠᠵᠤ᠂ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠪᠠ ᠬᠠᠷᠢᠭᠤ | ᠲᠤᠰᠬᠠᠵᠤ᠂ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠭᠰᠡᠨ ᠦᠭᠡᠢ᠂ ᠠᠵᠢᠯ ᠢ ᠰᠠᠶᠢᠲᠤᠷ | ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠠᠰᠠᠭᠤᠳᠠᠯ ᠢ ᠣᠯᠵᠤ ᠮᠡᠳᠡᠪᠡᠯ᠂ ᠴᠠᠭ ᠲᠤᠬᠠᠢ ᠳᠤᠨᠢ ᠬᠤᠰᠢᠭᠤᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠥᠪ | ᠴᠢᠩᠭ᠎ᠠ ᠪᠠᠷ ᠤᠯᠠᠨ ᠳᠤ ᠮᠡᠳᠡᠭᠦᠯᠤᠨ᠎ᠡ᠃ | |