| ︽ᠪᠥᠬᠦ ᠠᠷᠠᠳ ᠢᠶᠠᠷ ᠢᠶᠠᠨ ᠮᠡᠬᠡᠯᠡᠬᠦ ᠶᠢ ᠡᠰᠡᠷᠭᠦᠴᠡᠬᠦ᠂ ᠪᠥᠬᠦ ᠨᠡᠶᠢᠭᠡᠮ ᠢᠶᠠᠷ ᠢᠶᠠᠨ ᠮᠡᠬᠡᠯᠡᠬᠦ ᠶᠢ ᠡᠰᠡᠷᠭᠦᠴᠡᠬᠦ︾ | ᠭᠦᠨ ᠵᠤᠵᠠᠭᠠᠨ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠵᠤ᠂ ᠠᠷᠠᠳ ᠣᠯᠠᠨ ᠤ ︽ᠮᠡᠬᠡᠯᠡᠬᠦ ᠶᠢ ᠮᠡᠳᠡᠬᠦ | ᠮᠡᠬᠡᠯᠡᠬᠦ ᠶᠢ ᠢᠯᠭᠠᠬᠤ ᠮᠡᠬᠡᠯᠡᠬᠦ ᠶᠢ ᠰᠡᠷᠭᠡᠶᠢᠯᠡᠬᠦ︾ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠥᠯᠥᠭᠡ᠂ | 5 ᠰᠠᠷ᠎ᠠ ᠶᠢᠨ 16 ᠤ ᠡᠳᠦᠷ᠂ ᠰᠢᠶᠠᠩᠱᠠᠨ ᠲᠠᠷᠢᠶᠠᠯᠠᠩ ᠤᠨ ᠲᠠᠯᠠᠪᠠᠶ ᠶᠢᠨ ᠨᠠᠮ ᠤᠨ ᠬᠤᠷᠢᠶ᠎ᠠ ᠬᠢᠨ ᠬᠠᠷᠢᠶ᠎ᠠ | ᠣᠷᠣᠨ ᠤ ᠲᠣᠮᠢᠯᠠᠭᠰᠠᠨ ᠰᠠᠯᠪᠤᠷᠢ ᠲᠠᠢ ᠪᠠᠨ ᠬᠠᠮᠲᠤᠷᠠᠨ ︽ᠪᠥᠬᠦ ᠠᠷᠠᠳ ᠢᠶᠠᠷ ᠢᠶᠠᠨ ᠮᠡᠬᠡᠯᠡᠬᠦ ᠶᠢ ᠡᠰᠡᠷᠭᠦᠴᠡᠬᠦ︾ | ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠵᠢᠷᠤᠭ | ᠦᠰᠦᠭ ᠢᠶᠠᠷ ᠳᠡᠯᠭᠡᠨ ᠦᠵᠡᠭᠦᠯᠬᠦ᠂ ᠠᠬᠤᠢ ᠲᠠᠯᠠᠪᠠᠢ ᠳᠤ ᠲᠠᠶᠢᠯᠪᠤᠷᠢᠯᠠᠬᠤ᠂ ᠤᠬᠠᠭᠤᠯᠭ᠎ᠠ ᠶᠢᠨ ᠬᠠᠭᠤᠳᠠᠰᠤ | ᠲᠠᠷᠬᠠᠭᠠᠬᠤ ᠵᠡᠷᠭᠡ ᠬᠡᠯᠪᠡᠷᠢ ᠪᠠᠷ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠯ ᠬᠢᠬᠦ ᠵᠤᠷᠰᠢᠭᠰᠠᠨ ᠠᠷᠭ᠎ᠠ ᠪᠠᠷᠢᠯ᠂ | ᠮᠡᠬᠡᠯᠡᠬᠦ ᠠᠷᠭ᠎ᠠ ᠪᠠᠷᠢᠯ ᠪᠠ ᠮᠡᠬᠡᠯᠡᠬᠦ ᠲᠥᠷᠥᠯ ᠬᠡᠯᠪᠡᠷᠢ ᠶᠢ ᠨᠠᠷᠢᠨ ᠲᠠᠶᠢᠯᠪᠤᠷᠢᠯᠠᠵᠤ᠂ ᠴᠠᠬᠢᠯᠭᠠᠨ ᠬᠤᠯᠪᠣᠭ᠎ᠠ ᠶᠢᠨ | ᠮᠡᠬᠡᠯᠡᠯ ᠤᠨ ᠠᠷᠭ᠎ᠠ ᠪᠠᠷᠢᠯ ᠪᠠ ᠠᠷᠭ᠎ᠠ ᠮᠠᠶ᠋ᠢᠭ ᠢ ᠠᠵᠢᠯᠲᠠᠨ ᠠᠵᠢᠯᠴᠢᠨ᠂ ᠣᠯᠠᠨ ᠲᠦᠮᠡᠨ ᠳᠤ ᠨᠠᠩ ᠰᠢᠭᠤᠳ | ᠣᠶᠢᠯᠠᠭᠠᠭᠤᠯᠪᠠ᠃ | | | |