5 ᠰᠠᠷ᠎ᠠ ᠶᠢᠨ 17 ᠤ ᠡᠳᠦᠷ᠂ ᠵᠠᠷᠤᠳ ᠬᠤᠰᠢᠭᠤ ᠪᠡᠭᠡᠵᠢᠩ ᠤᠨ ᠬᠤᠸᠠ ᠲᠠᠢ ᠳ᠋ᠠ ᠰᠢᠨᠵᠢᠯᠡᠭᠡ | ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠤᠨ ᠵᠥᠪᠳᠡᠯᠴᠡᠭᠡᠷ ᠤᠨ ᠬᠤᠷᠠᠯ ᠬᠢᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ | ᠢᠦᠢ ᠹᠦ᠋᠂ ᠪᠡᠭᠡᠵᠢᠩ ᠤᠨ ᠬᠤᠸᠠ ᠲᠠᠢ ᠳ᠋ᠠ ᠰᠢᠨᠵᠢᠯᠡᠭᠡ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ | ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠪᠠ᠃ | | ᠯᠢ ᠢᠦᠢ ᠹᠦ᠋ ᠪᠡᠭᠡᠵᠢᠩ ᠤᠨ ᠬᠤᠸᠠ ᠲᠠᠢ ᠳ᠋ᠠ ᠰᠢᠨᠵᠢᠯᠡᠭᠡ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠶᠢᠨ ᠵᠠᠷᠤᠳ ᠬᠤᠰᠢᠭᠤᠨ ᠳᠤ ᠬᠠᠮᠵᠢᠯᠴᠠᠬᠤ ᠵᠦᠪᠳᠡᠯᠴᠡᠭᠡ ᠬᠢᠬᠦ ᠪᠠᠷ ᠬᠦᠷᠴᠤ ᠢᠷᠡᠭᠰᠡᠨ ᠳᠤ | ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠵᠠᠷᠤᠳ ᠬᠤᠰᠢᠭᠤ ᠲᠦᠷᠦ ᠶᠢᠨ ᠪᠣᠳᠣᠯᠭ᠎ᠠ ᠶᠢᠨ | ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠢ ᠶᠢᠨ | ᠳᠠᠪᠠᠭᠤᠯᠢᠭ ᠲᠠᠢ᠂ ᠪᠡᠯᠡ ᠣᠷᠣᠭᠤᠯᠵᠤ ᠨᠡᠭᠡᠭᠡᠨ ᠬᠥᠭᠵᠢᠭᠦᠯᠬᠦ ᠳᠠᠯᠳᠠ ᠬᠦᠴᠦᠨ ᠯᠤᠲᠤ ᠶᠡᠭᠡ ᠪᠠᠶᠢᠨ᠎ᠠ᠂ ᠠᠵᠤ | ᠠᠬᠤᠶᠢᠯᠠᠯᠲᠠᠳ ᠤᠨ ᠵᠠᠷᠤᠳ ᠬᠤᠰᠢᠭᠤᠨ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠵᠤ᠂ ᠦᠢᠯᠡᠰ | ᠪᠦᠲᠦᠭᠡᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃ | | ᠯᠢ ᠢᠦᠢ ᠹᠦ᠋ ᠱᠠᠭᠠᠷᠳᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ | ᠯᠤᠭ᠎ᠠ ᠵᠣᠯᠭᠠᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠲᠦᠷᠦᠯ ᠵᠦᠢᠯ ᠤᠨ | ᠬᠠᠮᠲᠤᠷᠠᠯᠴᠠᠭᠠᠨ ᠤ ᠬᠡᠷᠡᠭᠴᠡᠭᠡ ᠶᠢ ᠨᠠᠷᠢᠨ ᠬᠢᠨᠠᠮᠠᠭᠠᠢ ᠰᠣᠨᠣᠰᠴᠤ᠂ ᠬᠠᠮᠤᠭ ᠤᠨ ᠰᠢᠯᠢᠳᠡᠭ᠂ ᠬᠠᠮᠤᠭ ᠤᠨ ᠳᠥᠭᠦᠮ | ᠳᠥᠲᠡ᠂ ᠬᠠᠮᠤᠭ ᠤᠨ ᠪᠣᠳᠠᠲᠠᠢ ᠦᠢᠯᠡᠴᠢᠯᠡᠭᠡ ᠪᠠᠷ ᠡᠯ᠎ᠡ ᠵᠦᠢᠯ ᠤᠨ ᠠᠵᠢᠯ ᠢ ᠤᠷᠢᠳᠠᠪᠠᠷ ᠬᠢᠵᠦ᠂ ᠡᠮᠤᠨ᠎ᠡ ᠨᠢ | ᠶᠠᠪᠤᠬᠤ ᠶᠢ ᠪᠠᠲᠤᠯᠠᠵᠤ᠂ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠤ ᠲᠦᠷᠦᠯ ᠵᠦᠢᠯ ᠢ ᠡᠮᠬᠢ | ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠨᠡᠩ ᠤᠯᠠᠨ ᠬᠠᠮᠲᠤᠷᠠᠯᠴᠠᠭᠠᠨ ᠤ ᠠᠵᠠ | ᠲᠣᠬᠢᠶᠠᠯ ᠢ ᠴᠢᠷᠮᠠᠶᠢᠨ ᠡᠷᠢᠯᠬᠢᠯᠡᠵᠦ᠂ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠠᠷᠠᠯᠵᠢᠶᠠᠴᠢᠨ ᠤᠷᠢᠵᠤ ᠪᠡᠯᠡ | ᠲᠠᠳᠠᠬᠤ ᠠᠵᠢᠯ ᠤᠨ ᠰᠢᠨ᠎ᠡ ᠪᠠᠶᠢᠳᠠᠯ ᠢ ᠬᠠᠮᠲᠤᠪᠠᠷ ᠡᠭᠦᠳᠴᠦ᠂ ᠨᠡᠩ ᠤᠯᠠᠨ ᠲᠦᠷᠦᠯ ᠵᠦᠢᠯ ᠢ ᠵᠠᠷᠤᠳ | ᠬᠤᠰᠢᠭᠤᠨ ᠳᠤ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠯᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃ | | | ᠪᠡᠭᠡᠵᠢᠩ ᠤᠨ ᠬᠤᠸᠠ ᠲᠠᠢ ᠳ᠋ᠠ ᠰᠢᠨᠵᠢᠯᠡᠭᠡ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠠᠴᠠ᠂ ᠵᠠᠷᠤᠳ ᠬᠤᠰᠢᠭᠤᠨ ᠤ ᠬᠢᠨ ᠡᠭᠦᠳᠡ ᠪᠠᠨ ᠨᠡᠭᠡᠭᠡᠵᠦ᠂ ᠰᠠᠨᠠᠭᠠᠴᠢᠯᠠᠭ᠎ᠠ ᠠᠴᠠ ᠪᠠᠨ | ᠨᠡᠪᠳᠡᠷᠡᠯᠴᠡᠨ ᠵᠣᠯᠭᠠᠯᠴᠠᠵᠤ ᠪᠠᠶᠢᠬᠤ ᠤᠪᠤᠷ ᠠᠴᠠ᠂ ᠵᠠᠷᠤᠳ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠶᠡᠬᠡᠪᠡᠷ ᠰᠢᠯᠢᠳᠡᠭᠵᠢᠭᠦᠯᠵᠦ᠂ ᠤᠨᠤᠴᠠᠳᠠᠢ ᠦᠢᠯᠡᠴᠢᠯᠡᠬᠦ ᠣᠪᠣᠷ ᠢ ᠭᠦᠨᠵᠡᠭᠡᠢ ᠮᠡᠳᠡᠷᠡᠵᠦ ᠪᠠᠶᠢᠨ᠎ᠠ᠂ | ᠵᠠᠷᠤᠳ ᠬᠤᠰᠢᠭᠤ ᠲᠠᠢ ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠵᠦ᠂ ᠴᠠᠬᠢᠯᠭᠠᠨ ᠬᠥᠳᠡᠯᠭᠡᠭᠦᠷᠲᠦ ᠬᠦᠨᠳᠦ | ᠠᠴᠢᠶᠠᠨ ᠤ ᠮᠠᠰᠢᠨ ᠤ ᠪᠡᠯᠡ ᠣᠷᠣᠭᠤᠯᠤᠯᠲᠠ ᠶᠢᠨ ᠲᠠᠯ᠎ᠠ ᠪᠠᠷ ᠤᠯᠠᠨ ᠲᠡᠰ ᠳᠠᠪᠬᠤᠷᠭ᠎ᠠ᠂ ᠤᠯᠠᠨ ᠠᠷᠭ᠎ᠠ ᠵᠠᠮ᠂ | ᠤᠯᠠᠨ ᠬᠡᠯᠪᠡᠷᠢ ᠶᠢᠨ ᠬᠠᠮᠲᠤᠷᠠᠯᠴᠠᠭ᠎ᠠ ᠬᠢᠵᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ | ᠬᠦᠰᠡᠵᠦ ᠪᠠᠶᠢᠨ᠎ᠠ ᠭᠡᠵᠦ ᠢᠯᠡᠳᠬᠡᠪᠡ᠃ | ᠬᠤᠷᠠᠯ ᠳᠡᠭᠡᠷ᠎ᠡ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠡᠭᠡᠵᠢᠩ ᠤᠨ | ᠬᠤᠸᠠ ᠲᠠᠢ ᠳ᠋ᠠ ᠰᠢᠨᠵᠢᠯᠡᠭᠡ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠴᠠᠬᠢᠯᠭᠠᠨ ᠬᠥᠳᠡᠯᠭᠡᠭᠦᠷᠲᠦ | ᠬᠦᠨᠳᠦ ᠠᠴᠢᠶᠠᠨ ᠤ ᠮᠠᠰᠢᠨ ᠤ ᠲᠥᠷᠥᠯ ᠵᠦᠢᠯ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠬᠡᠯᠡᠯᠴᠡᠨ ᠵᠥᠪᠳᠡᠯᠴᠡᠪᠡ᠃ | | |