5 ᠰᠠᠷ᠎ᠠ ᠶᠢᠨ 17 ᠤ ᠡᠳᠦᠷ᠂ ᠬᠤᠩᠬᠠᠳᠤ ᠠᠭᠤᠯᠠ ᠪᠠᠯᠭᠠᠰᠤᠨ ᠤ ᠨᠡᠶᠢᠭᠡᠮ ᠤᠨ ᠠᠵᠢᠯ ᠶᠠᠪᠤᠳᠠᠯ ᠤᠨ | ᠠᠯᠪᠠᠨ ᠭᠡᠷ ᠤᠨ ᠠᠵᠢᠯᠲᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢ ᠭᠤᠶᠤᠴᠢᠯᠠᠭᠰᠠᠨ ᠭᠡᠷ ᠪᠦᠯᠢ ᠳᠤ ᠬᠦᠷᠴᠦ ᠪᠠᠶᠢᠴᠠᠭᠠᠯᠲᠠ ᠬᠢᠬᠦ ᠠᠵᠢᠯ ᠢ ᠥᠷᠨᠢᠭᠦᠯᠪᠡ᠃ | ᠪᠠᠶᠢᠴᠠᠭᠠᠯᠲᠠ ᠶᠢᠨ ᠳᠤᠮᠳᠠ᠂ ᠠᠵᠢᠯᠲᠠᠳ ᠰᠠᠭᠤᠭᠠᠯᠢ ᠠᠷᠠᠳ ᠤᠨ ᠪᠣᠳᠠᠲᠠᠢ ᠠᠮᠢᠳᠤᠷᠠᠯ ᠤᠨ ᠪᠠᠶᠢᠳᠠᠯ ᠢ ᠨᠠᠷᠢᠨ | ᠬᠢᠨᠠᠮᠠᠭᠠᠢ ᠪᠠᠶᠢᠴᠠᠭᠠᠨ ᠦᠵᠡᠵᠦ᠂ ᠪᠠᠶᠢᠴᠠᠭᠠᠭᠳᠠᠬᠤ ᠡᠲᠡᠭᠡᠳ ᠤᠨ ᠣᠶᠢᠷ᠎ᠠ ᠶᠢᠨ ᠬᠤᠭᠤᠴᠠᠭᠠᠨ ᠤ ᠠᠵᠤ | ᠠᠬᠤᠢ ᠶᠢᠨ ᠢᠷᠡᠯᠲᠡ ᠶᠢᠨ ᠪᠠᠶᠢᠳᠠᠯ ᠵᠢᠴᠢ ᠵᠠᠷᠤᠯᠭ᠎ᠠ ᠶᠢᠨ ᠪᠠᠶᠢᠳᠠᠯ ᠢ ᠰᠣᠨᠣᠰᠴᠤ᠂ ᠵᠢᠴᠢ ᠡᠷᠬᠢᠨ ᠲᠣᠭᠤᠷᠢᠨ ᠤ | ᠬᠥᠷᠰᠢ ᠵᠡᠷᠭᠡᠯᠡᠳᠡᠭᠡ ᠠᠴᠠ ᠲᠡᠳᠡᠨ ᠤ ᠡᠳᠦᠷ ᠲᠤᠲᠤᠮ ᠤᠨ ᠠᠮᠢᠳᠤᠷᠠᠯ ᠤᠨ ᠪᠠᠶᠢᠳᠠᠯ ᠢ ᠠᠰᠠᠭᠤᠨ ᠯᠠᠪᠯᠠᠵᠤ᠂ ︽ | ᠪᠠᠶᠢᠴᠠᠭᠠᠯᠲᠠ ᠶᠢᠨ ᠬᠦᠰᠦᠨᠦᠭᠲᠦ︾ ᠲᠠᠭᠯᠠᠬᠤ ᠶᠢᠨ ᠬᠠᠮᠲᠤ ᠶᠡᠷᠦᠩᠬᠡᠶᠢᠯᠡᠨ ᠰᠤᠳᠤᠯᠤᠨ ᠮᠠᠭᠠᠳᠯᠠᠵᠤ ᠵᠠᠳᠠᠯᠤᠯᠲᠠ | ᠬᠢᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠤᠶᠤᠴᠢᠯᠠᠭᠰᠠᠨ ᠭᠡᠷ ᠪᠦᠯᠢ ᠶᠢᠨ ᠦᠨᠳᠦᠰᠦᠨ | ᠪᠠᠶᠢᠳᠠᠯ ᠤᠨ ᠦᠨᠡᠨ ᠪᠣᠳᠠᠲᠤ ᠴᠢᠨᠠᠷ ᠢ ᠦᠨᠡᠨ ᠬᠦ ᠪᠠᠳᠤᠯᠠᠪᠠ᠃ | |