ᠥᠪᠥᠷ ᠮᠣᠩᠭᠤᠯ ᠤᠨ ᠾᠦᠢ ᠴᠧᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠮᠬᠢ ᠵᠢᠷᠤᠮ ᠲᠠᠢ ᠶᠠᠪᠤᠭᠳᠠᠵᠦ ᠪᠠᠶᠢᠨ᠎ᠠ
ᠨᠡᠶᠢᠲᠡᠯᠡᠭᠰᠡᠨ ᠴᠠᠭ᠄
2022/5/19
   ᠴᠢᠬᠤᠯᠠ ᠶᠡᠭᠡ ᠲᠦᠷᠦᠯ ᠵᠦᠢᠯ ᠪᠣᠯ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠴᠢᠬᠤᠯᠠ ᠬᠥᠳᠡᠯᠭᠡᠭᠦᠷ ᠮᠥᠨ᠂ ᠪᠠᠰᠠ ᠴᠤ ᠪᠦᠲᠦᠴᠡ ᠶᠢ ᠲᠤᠬᠢᠷᠠᠭᠤᠯᠬᠤ ᠬᠦᠳᠡᠯᠭᠡᠭᠡᠨ ᠤ ᠡᠨᠧᠷᠭᠢ ᠢᠶᠠᠨ ᠬᠤᠪᠢᠷᠠᠭᠤᠯᠬᠤ ᠵᠠᠩᠭᠢᠯᠠᠭ᠎ᠠ ᠶᠢᠨ ᠠᠴᠢᠶᠠᠯᠠᠪᠤᠷᠢ ᠪᠠ ᠬᠦᠴᠦᠲᠦ ᠬᠥᠳᠡᠯᠭᠡᠭᠦᠷ ᠮᠥᠨ᠃ ᠣᠶᠢᠷ᠎ᠠ ᠶᠢᠨ ᠡᠳᠦᠷ ᠲᠤ᠂ ᠵᠠᠷᠤᠳ ᠬᠤᠰᠢᠭᠤᠨ ᠤ ᠬᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠠᠬᠢᠴᠠ ᠶᠢᠨ ᠵᠤᠶᠢᠯ︾ ᠢ ᠪᠦᠬᠦ ᠬᠦᠴᠦᠨ ᠢᠶᠠᠷ ᠢᠶᠠᠨ ᠪᠦᠬᠦ ᠬᠤᠷᠳᠤᠴᠠ ᠪᠠᠷ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠥᠷᠨᠢᠯᠲᠡ ᠶᠢ ᠪᠤᠢ ᠪᠣᠯᠭᠠᠪᠠ᠃
    ᠥᠪᠥᠷ ᠮᠣᠩᠭᠤᠯ ᠤᠨ ᠾᠦᠢ ᠴᠧᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ 20 ᠲᠦᠮᠡᠨ ᠲᠣᠨ ᠡᠷᠳᠡᠨᠢ ᠰᠢᠰᠢ ᠶᠢ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ᠂ ᠬᠦᠷ ᠬᠥᠭᠵᠢᠶᠡᠨ ᠲᠠᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠬᠠᠷᠠᠭᠳᠠᠵᠤ᠂ ᠮᠠᠰᠢᠨ ᠮᠧᠬᠠᠨᠢᠭ ᠨᠢᠵᠢᠭᠢᠨᠡᠵᠦ᠂ ᠵᠥᠭᠡᠭᠡᠪᠦᠷᠢ ᠶᠢᠨ ᠲᠡᠷᠭᠡ ᠬᠥᠰᠬᠡ ᠨᠠᠰᠢ ᠴᠠᠰᠢ ᠰᠦᠯᠵᠢᠯᠳᠦᠵᠦ᠂ ᠠᠵᠢᠯᠴᠢᠳ ᠴᠠᠭ ᠢᠶᠠᠨ ᠠᠮᠵᠢᠨ ᠠᠵᠢᠯᠯᠠᠵᠤ᠂ ᠡᠯ᠎ᠡ ᠵᠦᠢᠯ ᠤᠨ ᠠᠵᠢᠯ ᠡᠮᠬᠢ ᠴᠡᠭᠴᠡ ᠲᠠᠢ ᠶᠠᠪᠤᠭᠳᠠᠵᠤ᠂ ᠬᠠᠪᠤᠷ ᠤᠨ ︽ᠬᠥᠳᠡᠯᠮᠦᠷᠢ ᠶᠢᠨ ᠮᠠᠭᠲᠠᠭᠠᠯ ᠳᠠᠭᠤᠤ︾ ᠶᠢ ᠬᠠᠩᠭᠢᠨᠠᠭᠤᠯᠪᠠ᠃     ᠥᠪᠥᠷ ᠮᠣᠩᠭᠤᠯ ᠤᠨ ᠾᠦᠢ ᠴᠧᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠵᠧᠨ ᠶᠠ ᠬᠡᠯᠡᠬᠦ ᠳᠡᠭᠡᠨ᠄ ︽ᠬᠤᠳᠠᠯᠳᠤᠭᠠᠴᠢᠨ ᠤᠷᠢᠬᠤ ᠰᠠᠯᠠᠭ᠎ᠠ ᠮᠥᠴᠢᠷ ᠤᠨ ᠲᠠᠨᠢᠯᠴᠠᠭᠤᠯᠭ᠎ᠠ ᠪᠠᠷ ᠳᠡᠮᠵᠢᠨ᠂ ᠲᠦᠩᠯᠢᠶᠣᠣ ᠬᠤᠲᠠ ᠪᠣᠯ ᠡᠷᠳᠡᠨᠢ ᠰᠢᠰᠢ ᠶᠢᠨ ᠠᠷᠪᠠᠨ ᠶᠡᠭᠡ ᠭᠠᠷᠤᠯᠲᠠ ᠶᠢᠨ ᠣᠷᠣᠨ ᠪᠣᠯᠬᠤ ᠪᠥᠭᠡᠳ ᠰᠢᠵᠢᠷ ᠠᠯᠲᠠᠨ ᠡᠷᠳᠡᠨᠢ ᠰᠢᠰᠢ ᠶᠢᠨ ᠪᠦᠰᠡ ᠪᠣᠯᠬᠤ ᠶᠢ ᠣᠶᠢᠯᠠᠭᠠᠭᠰᠠᠨ ᠪᠣᠯᠬᠤᠷ ᠪᠢᠳᠡ ᠵᠠᠷᠤᠳ ᠬᠤᠰᠢᠭᠤ ᠶᠢ ᠰᠤᠩᠭᠤᠵᠦ ᠪᠠᠶᠢᠭᠤᠯᠤᠭᠰᠠᠨ ᠶᠤᠮ᠂ ᠡᠨᠡ ᠬᠦ ᠶᠠᠪᠤᠴᠠ ᠳᠤ ᠲᠣᠰ ᠭᠠᠵᠠᠷ ᠤᠨ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠠ ᠦᠢᠯᠡᠴᠢᠯᠡᠭᠡ ᠶᠢ ᠣᠯᠵᠤ ᠬᠦᠷᠳᠡᠪᠡ᠂ ᠣᠬᠤᠷᠬᠠᠨ ᠬᠡᠳᠦᠨ ᠰᠠᠷ᠎ᠠ ᠶᠢᠨ ᠬᠤᠭᠤᠴᠠᠭᠠᠨ ᠳᠤ ᠪᠢᠳᠡ ᠪᠣᠶ ᠪᠦᠬᠦᠢ ᠭᠠᠷ ᠭᠦᠢᠴᠡᠳᠬᠡᠯ ᠢᠶᠠᠨ ᠴᠥᠮ ᠪᠦᠷᠢᠨ ᠭᠦᠢᠴᠡᠳ ᠬᠢᠵᠦ᠂ ᠣᠲᠣ ᠨᠢᠭᠡᠨᠲᠡ ᠠᠵᠢᠯ ᠢᠶᠠᠨ ᠡᠬᠢᠯᠡᠭᠦᠯᠪᠡ︾ ᠭᠡᠪᠡ᠃
    ᠪᠦᠬᠦ ᠬᠤᠰᠢᠭᠤᠨ ᠤ ᠡᠨᠡ ᠵᠢᠯ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠢᠭᠡ ᠪᠣᠯᠤᠭᠰᠠᠨ ᠥᠪᠥᠷ ᠮᠣᠩᠭᠤᠯ ᠤᠨ ᠾᠦᠢ ᠴᠧᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ 20 ᠲᠦᠮᠡᠨ ᠲᠣᠨ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ ᠳᠤ ᠨᠡᠶᠢᠲᠡ 1.2 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠪᠠ ᠵᠢᠶᠠᠩᠨᠠᠨ ᠶᠡᠭᠡ ᠰᠤᠷᠭᠠᠭᠤᠯᠢ ᠶᠢᠨ ᠰᠢᠨᠵᠢᠯᠡᠭᠡ ᠮᠡᠷᠭᠡᠵᠢᠯ ᠤᠨ ᠡᠬᠢ ᠪᠠᠶᠠᠯᠢᠭ ᠲᠤ ᠲᠦᠰᠢᠭᠯᠡᠨ᠂ ᠢᠵᠢ ᠪᠦᠷᠢᠳᠤᠭ᠍ᠰᠡᠨ ᠠᠯᠠᠰᠢᠨ ᠦᠬᠡᠷ ᠤᠨ ᠲᠥᠷᠥᠯ ᠵᠦᠢᠯ ᠤᠨ ᠲᠤᠷᠰᠢᠯᠲᠠ ᠶᠢᠨ ᠲᠠᠰᠤᠭ ᠢ ᠪᠦᠲᠦᠭᠡᠨ ᠪᠠᠶᠢᠭᠤᠯᠵᠤ᠂ ᠲᠣᠰ ᠭᠠᠵᠠᠷ ᠤᠨ ᠠᠯᠠᠰᠢᠨ ᠦᠬᠡᠷ ᠲᠤ ᠲᠤᠬᠢᠷᠠᠬᠤ ᠪᠣᠷᠳᠣᠭᠠᠨ ᠤ ᠨᠠᠶᠢᠷᠠᠯᠭ᠎ᠠ ᠵᠢᠴᠢ ᠤᠷᠠᠯᠠᠯ ᠢ ᠬᠠᠨᠳᠤᠯᠭ᠎ᠠ ᠲᠠᠢ ᠪᠠᠷ ᠰᠤᠳᠤᠯᠤᠨ ᠦᠢᠯᠡᠳᠴᠦ᠂ ᠲᠣᠰ ᠭᠠᠵᠠᠷ ᠤᠨ ᠡᠷᠳᠡᠨᠢ ᠰᠢᠰᠢ ᠶᠢᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠲᠤᠰ ᠲᠦᠷᠦᠯ ᠵᠦᠢᠯ ᠢ ᠡᠨᠡ ᠵᠢᠯ ᠤᠨ 8 ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠂ ᠵᠢᠯ ᠳᠤ 3.16 ᠳ᠋ᠦᠩᠰᠢᠭᠤᠷ ᠲᠥᠭᠦᠷᠢᠭ ᠦᠢᠯᠡᠳᠬᠦᠨ ᠤ ᠦᠷᠳᠡᠭ ᠪᠡᠶᠡᠯᠡᠭᠦᠯᠵᠦ᠂ 200 ᠲᠦᠮᠡᠨ ᠲᠥᠭᠦᠷᠢᠭ ᠭᠠᠶᠢᠯᠢ ᠪᠡᠶᠡᠯᠡᠭᠦᠯᠵᠦ᠂ 80 ᠭᠠᠷᠤᠢ ᠬᠥᠮᠥᠨ ᠳᠤ ᠠᠵᠢᠯ ᠤᠯᠭᠤᠬᠤ ᠪᠤᠯᠤᠨ᠎ᠠ᠃
     ︽ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠮᠠᠨ ᠤ ᠲᠤᠰᠬᠠᠢ ᠮᠡᠷᠭᠡᠵᠢᠯ ᠤᠨ ᠪᠦᠯᠬᠦᠮ ᠬᠢᠨ ᠮᠠᠯᠵᠢᠯ ᠤᠨ ᠲᠠᠯᠠᠪᠠᠶ ᠶᠢᠨ ᠲᠡᠵᠢᠭᠡᠬᠦ᠂ ᠦᠷᠡᠵᠢᠭᠦᠯᠬᠦ᠂ ᠠᠷᠠᠴᠢᠯᠠᠬᠤ᠂ ᠮᠠᠯ ᠡᠮᠨᠡᠬᠦ ᠵᠡᠷᠭᠡ ᠪᠦᠬᠦ ᠲᠠᠯ᠎ᠠ ᠠᠴᠠ ᠦᠨᠡᠯᠡᠯᠳᠡ ᠬᠢᠵᠦ᠂ ᠮᠠᠯᠵᠢᠯ ᠤᠨ ᠲᠠᠯᠠᠪᠠᠢ ᠳᠤ ᠲᠤᠯᠭᠠᠷᠠᠵᠤ ᠪᠠᠶᠢᠭ᠎ᠠ ᠬᠤᠯᠪᠣᠭᠳᠠᠯ ᠪᠦᠬᠦᠢ ᠠᠰᠠᠭᠤᠳᠠᠯ ᠢ ᠰᠢᠢᠳᠪᠦᠷᠢᠯᠡᠨ᠂ ᠲᠣᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠡᠪ ᠤᠨ ᠲᠡᠵᠢᠭᠡᠨ ᠦᠷᠡᠵᠢᠭᠦᠯᠬᠦ ᠠᠴᠠ ᠰᠢᠨᠵᠢᠯᠡᠬᠦ ᠤᠬᠠᠭᠠᠨᠴᠢᠯᠠᠭᠰᠠᠨ ᠲᠡᠵᠢᠭᠡᠨ ᠦᠷᠡᠵᠢᠭᠦᠯᠬᠦ ᠬᠦᠷᠲᠡᠯ᠎ᠡ᠂ ᠲᠡᠵᠢᠭᠡᠪᠤᠷᠢ  ᠶᠢᠨ ᠡᠷᠦᠬᠡ ᠳᠤ ᠨᠠᠩ ᠥᠨᠳᠥᠷ ᠦᠷ᠎ᠡ ᠠᠰᠢᠭ ᠣᠯᠭᠤᠵᠤ᠂ ᠲᠤᠬᠠᠢ ᠶᠢᠨ ᠭᠠᠵᠠᠷ ᠤᠨ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ  ᠪᠠᠶᠠᠵᠢᠬᠤ ᠳᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠨᠡᠭᠡᠭᠡᠵᠦ ᠥᠭᠭᠦᠭᠰᠡᠨ ᠪᠠᠶᠢᠨ᠎ᠠ︾ ᠭᠡᠵᠦ ᠸᠠᠩ ᠵᠧᠨ ᠶᠠ ᠬᠡᠯᠡᠪᠡ᠃
    ᠲᠦᠷᠦᠯ ᠵᠦᠢᠯ ᠪᠣᠯ ᠬᠥᠭᠵᠢᠯᠲᠡ ᠶᠢᠨ ᠭᠠᠷᠳᠠᠴᠠ ᠮᠥᠨ᠂ ᠪᠠᠰᠠᠴᠤ ᠬᠥᠭᠵᠢᠯᠲᠡ ᠶᠢᠨ ᠪᠠᠲᠤᠯᠠᠭ᠎ᠠ ᠮᠥᠨ᠃ ᠵᠠᠷᠤᠳ ᠬᠤᠰᠢᠭᠤᠨ ᠤ ᠬᠢᠨ ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯᠧᠮᠧᠨ᠋ᠲ ᠢ ᠬᠦᠴᠦᠯᠡᠨ ᠪᠠᠲᠤᠯᠠᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠠᠷᠭ᠎ᠠ ᠪᠦᠬᠦᠨ ᠢ ᠰᠦᠪᠡᠭᠴᠢᠯᠡᠨ ᠰᠢᠢᠳᠪᠦᠷᠢᠯᠡᠵᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号