ᠵᠠᠷᠤᠳ ᠬᠤᠰᠢᠭᠤ ︽ᠲᠠᠪᠤ ᠶᠢ ᠪᠠᠷᠢᠮᠲᠠᠯᠠᠬᠤ︾ ᠠᠵᠢᠯ ᠤᠨ ᠠᠷᠭ᠎ᠠ ᠪᠠᠷ ᠺᠠᠳ᠋ᠷᠴᠤᠳ ᠤᠨ ᠤᠯᠤᠰ ᠲᠥᠷᠥ ᠶᠢᠨ ᠬᠡᠪ ᠴᠢᠨᠠᠷ ᠢ ᠣᠨᠣᠪᠴᠢᠲᠠᠶ ᠪᠣᠲᠠᠲᠠᠢ ᠬᠢᠨᠠᠨ ᠰᠢᠯᠭᠠᠪᠠ
ᠨᠡᠶᠢᠲᠡᠯᠡᠭᠰᠡᠨ ᠴᠠᠭ᠄
2022/5/19
     ᠵᠠᠷᠤᠳ ᠬᠤᠰᠢᠭᠤᠨ ᠤ ᠬᠢᠨ ︽ᠵᠠᠷ ᠱᠠᠯᠠᠵᠤ ᠠᠵᠢᠯ ᠲᠣᠰᠬᠤ︾ ᠶᠢ ᠺᠠᠳ᠋ᠷᠴᠤᠳ ᠤᠨ ᠤᠯᠤᠰ ᠲᠥᠷᠥ ᠶᠢᠨ ᠬᠡᠪ ᠴᠢᠨᠠᠷ ᠤᠨ ᠪᠠᠶᠢᠴᠠᠭᠠᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠪᠣᠯᠭᠠᠨ ᠠᠩᠬᠠᠷᠤᠯ ᠢᠶᠠᠨ ᠲᠥᠪᠯᠡᠷᠡᠭᠦᠯᠦᠨ᠂ ᠺᠠᠳ᠋ᠷᠴᠤᠳ ᠤᠨ ᠤᠯᠤᠰ ᠲᠥᠷᠥ ᠶᠢᠨ ᠬᠡᠪ ᠴᠢᠨᠠᠷ ᠤᠨ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠪᠠᠷᠢᠮᠵᠢᠶ᠎ᠠ᠂ ᠴᠢᠬᠤᠯᠠ ᠶᠡᠭᠡ ᠡᠮᠦᠨ᠎ᠡ ᠹᠷᠣᠨᠲ᠂ ᠡᠳᠦᠷ ᠲᠤᠲᠤᠮ ᠤᠨ ᠢᠯᠡᠷᠡᠯ᠂ ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠬᠤ᠂ ᠠᠵᠢᠯ ᠤᠨ ᠪᠣᠳᠠᠲᠤ ᠪᠦᠲᠦᠮᠵᠢ ᠵᠡᠷᠭᠡ ᠲᠠᠯ᠎ᠠ ᠪᠠᠷ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ ᠬᠡᠪ ᠴᠢᠨᠠᠷ ᠢ ᠪᠥᠬᠦ ᠲᠠᠯ᠎ᠠ ᠪᠠᠷ᠂ ᠣᠯᠠᠨ ᠬᠠᠷᠠᠭᠠᠰᠤ  ᠠᠴᠠ᠂ ᠣᠶᠢᠷ᠎ᠠ ᠠᠴᠠ ᠣᠨᠣᠪᠴᠢᠲᠠᠶ ᠪᠣᠲᠠᠲᠠᠢ ᠬᠢᠨᠠᠨ ᠰᠢᠯᠭᠠᠬᠤ ᠶᠢ ᠪᠠᠷᠢᠮᠲᠠᠯᠠᠪᠠ᠃    ᠤᠯᠤᠰ ᠲᠦᠷᠦ ᠶᠢᠨ ᠪᠠᠷᠢᠮᠵᠢᠶ᠎ᠠ ᠪᠠᠷ ︽ᠦᠨᠡᠨᠴᠢ ᠰᠢᠳᠤᠷᠭᠤ ᠪᠠᠶᠢᠬᠤ ᠶᠢ ᠬᠢᠨᠠᠨ ᠰᠢᠯᠭᠠᠬᠤ︾ ᠶᠢ ᠪᠠᠷᠢᠮᠲᠠᠯᠠᠪᠠ ᠃ ᠤᠯᠤᠰ ᠲᠦᠷᠦ ᠶᠢᠨ ᠪᠠᠷᠢᠮᠵᠢᠶ᠎ᠠ ᠶᠢ ᠬᠥᠮᠥᠨ ᠰᠣᠩᠭᠤᠵᠤ ᠬᠥᠮᠥᠨ ᠬᠡᠷᠡᠭᠯᠡᠬᠦ ᠶᠢᠨ ᠲᠡᠷᠢᠭᠦᠨ ᠴᠢᠬᠤᠯᠠ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠡᠪ ᠴᠢᠨᠠᠷ ᠢ ᠰᠢᠯᠭᠠᠬᠤ ᠶᠢ ᠬᠥᠮᠥᠨ ᠰᠣᠩᠭᠤᠵᠤ ᠬᠥᠮᠥᠨ ᠬᠡᠷᠡᠭᠯᠡᠬᠦ ᠠᠵᠢᠯ ᠤᠨ ᠡᠯ᠎ᠡ ᠭᠤᠭᠴᠤᠭ᠎ᠠ ᠳᠤ  ᠲᠣᠭᠤᠰᠢᠭᠤᠯᠪᠠ᠃ ᠥᠯᠥ ᠳᠡᠪᠰᠢᠭᠦᠯᠦᠨ ᠬᠡᠷᠡᠭᠯᠡᠬᠦ ᠦᠭᠡᠢ ᠭᠡᠰᠡᠨ ᠴᠤ ᠶᠠᠷᠢᠯᠴᠠᠭ᠎ᠠ ᠬᠢᠬᠦ᠂ ᠤᠯᠤᠰ ᠲᠥᠷᠥ ᠶᠢᠨ ᠣᠨᠣᠯ ᠤᠨ ᠰᠢᠯᠭᠠᠯᠲᠠ ᠪᠠ ᠡᠳᠦᠷ ᠲᠤᠲᠤᠮ ᠤᠨ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠳᠦᠷᠢᠮ ᠢ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ᠶᠠᠷᠦ ᠶᠢᠨ ᠶᠠᠷᠢᠯᠴᠠᠭ᠎ᠠ ᠪᠠ ᠵᠤᠷᠰᠢᠯ ᠤᠨ ᠶᠠᠷᠢᠯᠴᠠᠭ᠎ᠠ  ᠂ ᠭᠡᠨᠡᠳᠲᠡ ᠶᠠᠷᠢᠯᠴᠠᠬᠤ᠂ ᠭᠤᠣᠯᠳᠠᠯᠭ᠎ᠠ ᠲᠠᠢ ᠶᠠᠷᠢᠯᠴᠠᠬᠤ᠂ ᠭᠦᠨᠵᠡᠭᠡᠢ ᠶᠠᠷᠢᠯᠴᠠᠬᠤ ᠵᠡᠷᠭᠡ ᠲᠣᠭᠲᠠᠮᠠᠯ ᠪᠤᠰᠤ ᠶᠠᠷᠢᠯᠴᠠᠭ᠎ᠠ ᠶᠢᠨ ᠵᠠᠭᠪᠤᠷ ᠢ ᠬᠠᠷᠢᠯᠴᠠᠨ ᠤᠶᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ᠬᠢᠴᠢᠶᠡᠯ᠂ ᠺᠠᠳ᠋ᠷᠴᠤᠳ ᠤᠨ ᠬᠠᠮᠲᠤ ᠶᠢᠨ ᠶᠠᠷᠢᠯᠴᠠᠭ᠎ᠠ ᠪᠠ ᠲᠤᠰᠢᠶᠠᠯ ᠳᠤ ᠭᠠᠷᠬᠤ ᠠᠴᠠ ᠡᠮᠦᠨᠡᠬᠢ ᠶᠠᠷᠢᠯᠴᠠᠭ᠎ᠠ ᠶᠢᠨ ᠲᠠᠯ᠎ᠠ ᠪᠠᠷ᠂ ᠤᠯᠤᠰ ᠲᠥᠷᠥ ᠶᠢᠨ ᠬᠡᠪ ᠴᠢᠨᠠᠷ ᠤᠨ ᠰᠢᠯᠭᠠᠯᠲᠠ ᠶᠢ ᠨᠡᠮᠡᠨ ᠲᠣᠬᠢᠷᠠᠭᠤᠯᠵᠤ᠂ ᠺᠠᠳ᠋ᠷᠴᠤᠳ ᠤᠨ ᠤᠯᠤᠰ ᠲᠥᠷᠥ ᠶᠢᠨ ᠬᠡᠪ ᠪᠣᠯᠪᠠᠰᠤᠷᠠᠯ ᠪᠠ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ ᠡᠵᠡᠮᠰᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠪᠠ᠃ ᠣᠲᠣ ᠨᠢᠭᠡᠨᠲᠡ 185 ᠺᠠᠳ᠋ᠷ ᠲᠠᠢ ᠶᠠᠷᠦ ᠶᠢᠨ ᠶᠠᠷᠢᠯᠴᠠᠭ᠎ᠠ ᠬᠢᠵᠦ᠂ 61 ᠺᠠᠳ᠋ᠷ ᠲᠤ ᠤᠯᠤᠰ ᠲᠥᠷᠥ ᠶᠢᠨ ᠣᠨᠣᠯ ᠤᠨ ᠰᠢᠯᠭᠠᠯᠲᠠ ᠬᠢᠵᠦ᠂ 68 ᠺᠠᠳ᠋ᠷ ᠲᠤ ᠵᠠᠳᠠᠯᠣᠨ ᠰᠣᠳᠣᠯᠣᠯᠲᠠ ᠮᠠᠭᠠᠳᠯᠠᠯᠲᠠ ᠬᠢᠵᠦ᠂ 562ᠰᠠᠯᠠᠭᠠᠨ ᠤ ᠲᠠᠰ ᠤᠨ ᠺᠠᠳ᠋ᠷ ᠲᠤ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠬᠢᠪᠡ᠃    ᠴᠢᠬᠤᠯᠠ ᠶᠡᠭᠡ ᠡᠮᠦᠨ᠎ᠡ ᠹᠷᠣᠨᠲ ᠲᠤ ︽ᠬᠠᠷᠢᠭᠤᠴᠠᠯᠭ᠎ᠠ ᠡᠭᠦᠷᠭᠡᠯᠡᠬᠦ ᠶᠢ ᠬᠢᠨᠠᠨ ᠰᠢᠯᠭᠠᠬᠤ︾ ᠶᠢ ᠪᠠᠷᠢᠮᠲᠠᠯᠠᠪᠠ᠃ ᠤᠴᠢᠷ ᠶᠠᠪᠤᠳᠠᠯ ᠢ ᠮᠡᠳᠡᠵᠦ ᠬᠥᠮᠥᠨ ᠢ ᠲᠠᠨᠢᠬᠤ᠂ ᠤᠴᠢᠷ ᠶᠠᠪᠤᠳᠠᠯ ᠢᠶᠠᠷ ᠬᠥᠮᠥᠨ ᠢ ᠪᠠᠶᠢᠴᠠᠭᠠᠬᠤ ᠶᠢ ᠪᠠᠷᠢᠮᠲᠠᠯᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠢ ᠰᠡᠷᠭᠡᠶᠢᠯᠡᠨ ᠡᠵᠡᠮᠳᠡᠬᠦ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠡᠭᠦᠷᠭᠡ ᠡᠮᠦᠨ᠎ᠡ ᠹᠷᠣᠨᠲ ᠲᠤ ᠠᠩᠬᠠᠷᠤᠯ ᠢᠶᠠᠨ ᠲᠥᠪᠯᠡᠷᠡᠭᠦᠯᠵᠦ᠂ ︽ᠴᠢᠬᠤᠯᠠ ᠶᠡᠭᠡ ᠡᠮᠦᠨ᠎ᠡ ᠹᠷᠣᠨᠲ ᠲᠤ ᠺᠠᠳ᠋ᠷ ᠤᠨ ᠤᠯᠤᠰ ᠲᠦᠷᠦ ᠶᠢᠨ ᠬᠡᠪ ᠴᠢᠨᠠᠷ ᠢ  ᠬᠢᠨᠠᠨ ᠰᠢᠯᠭᠠᠬᠤ ᠶᠢ ᠬᠡᠷᠡᠭᠵᠢᠭᠦᠯᠬᠦ ᠠᠷᠭ᠎ᠠ︾ ᠶᠢ ᠲᠣᠭᠲᠠᠭᠠᠨ ᠬᠡᠷᠡᠭᠵᠢᠭᠦᠯᠵᠦ᠂ ᠠᠬᠤᠢ ᠲᠠᠯᠠᠪᠠᠢ ᠳᠤ ᠦᠵᠡᠬᠦ᠂ ᠪᠣᠳᠠᠲᠠᠢ ᠤᠴᠢᠷ ᠶᠠᠪᠤᠳᠠᠯ ᠢ ᠦᠵᠡᠬᠦ ᠪᠠᠷ ᠳᠠᠮᠵᠢᠨ᠂ ᠵᠥᠪ ᠪᠤᠷᠤᠭᠤ ᠬᠤᠶᠠᠷ ᠲᠠᠯ᠎ᠠ ᠪᠠᠷ ᠺᠠᠳ᠋ᠷ ᠤᠨ  ᠬᠠᠷᠢᠭᠤᠴᠠᠯᠭ᠎ᠠ ᠡᠭᠦᠷᠭᠡᠯᠡᠬᠦ ᠪᠠ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠬᠢᠨᠠᠨ ᠰᠢᠯᠭᠠᠪᠠ᠃ ᠭᠠᠷᠠᠭ ᠤᠨ ᠮᠡᠳᠡᠭᠦᠯᠦᠯᠲᠡ᠂ ᠰᠠᠷ᠎ᠠ ᠶᠢᠨ ᠰᠢᠯᠭᠠᠯᠲᠠ᠂ ᠤᠯᠠᠷᠢᠯ ᠤᠨ ᠦᠨᠡᠯᠡᠯᠲᠡ᠂ ᠵᠢᠯ ᠤᠨ ᠵᠠᠳᠠᠯᠤᠯᠲᠠ ᠶᠢᠨ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠤᠨ ᠬᠡᠷᠡᠭᠵᠢᠭᠦᠯᠵᠦ᠂ ᠰᠢᠨ᠎ᠡ ᠪᠠᠷ ᠳᠡᠪᠰᠢᠭᠦᠯᠦᠨ ᠲᠣᠮᠢᠯᠠᠭᠰᠠᠨ ᠺᠠᠳ᠋ᠷ ᠤᠨ ᠠᠵᠢᠯ ᠤᠨ ᠪᠠᠶᠢᠷᠢ ᠳᠤ ᠭᠠᠷᠣᠭᠰᠠᠨ ᠬᠢᠭᠰᠡᠨ ᠤ ᠲᠠᠷᠠᠭ᠎ᠠ᠂ ᠬᠤᠶᠠᠷ ᠭᠠᠷᠠᠭ ᠲᠤ ᠦᠵᠡᠯ ᠰᠠᠨᠠᠭᠠᠨ ᠤ ᠬᠠᠷᠢᠭᠤ ᠮᠡᠳᠡᠭᠦᠯᠦᠯᠲᠡ ᠬᠢᠬᠦ᠂ ᠰᠠᠷ᠎ᠠ ᠶᠢᠨ ᠬᠢᠨᠠᠨ ᠰᠢᠯᠭᠠᠯᠲᠠ ᠬᠢᠬᠦ᠂ ᠤᠯᠠᠷᠢᠯ ᠤᠨ ᠦᠨᠡᠯᠡᠯᠲᠡ ᠬᠢᠬᠦ᠂ ᠵᠢᠯ ᠤᠨ ᠡᠴᠦᠰ ᠲᠤ ᠳᠡᠪᠰᠢᠭᠦᠯᠦᠨ ᠲᠣᠮᠢᠯᠠᠭᠰᠠᠨ ᠺᠠᠳ᠋ᠷ ᠤᠨ ᠪᠦᠬᠦᠯᠢ ᠨᠢᠭᠡ ᠵᠢᠯ ᠤᠨ ᠶᠡᠷᠦᠩᠬᠡᠢ ᠪᠠᠶᠢᠳᠠᠯ ᠢ ᠵᠠᠳᠠᠯᠤᠨ ᠰᠢᠨᠵᠢᠯᠡᠵᠦ᠂ ᠥᠷᠭᠡᠨ ᠤᠯᠠᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠴᠢᠬᠤᠯᠠ ᠶᠡᠭᠡ ᠡᠮᠦᠨ᠎ᠡ ᠹᠷᠣᠨᠲ ᠲᠤ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠲᠤᠰᠢᠶᠠᠯ ᠬᠠᠷᠢᠭᠤᠴᠠᠯᠭ᠎ᠠ ᠪᠠᠨ ᠨᠢᠮᠪᠡᠢ ᠭᠦᠢᠴᠡᠳᠭᠡᠭᠦᠯᠪᠡ᠃    ᠡᠳᠦᠷ ᠲᠤᠲᠤᠮ ᠤᠨ ᠢᠯᠡᠷᠡᠯ ᠢᠶᠠᠷ ︽ᠥᠪᠡᠷ ᠢ ᠪᠠᠨ ᠱᠠᠭᠠᠷᠳᠠᠬᠤ ᠶᠢ ᠬᠢᠨᠠᠨ ᠰᠢᠯᠭᠠᠬᠤ︾ ᠶᠢ ᠪᠠᠷᠢᠮᠲᠠᠯᠠᠪᠠ᠃ ᠭᠡᠷ ᠤᠨ ᠰᠣᠷᠪᠤᠯᠵᠢᠯᠠᠭ᠎ᠠ ᠶᠢ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠢ ᠬᠢᠨᠠᠨ  ᠰᠢᠯᠭᠠᠬᠤ ᠴᠢᠬᠤᠯᠠ ᠠᠷᠭ᠎ᠠ ᠵᠠᠮ ᠪᠣᠯᠭᠠᠬᠤ ᠶᠢ ᠪᠠᠷᠢᠮᠲᠠᠯᠠᠵᠤ᠂ ︽ᠤᠯᠤᠰ ᠲᠥᠷᠥ ᠶᠢᠨ ᠭᠡᠷ ᠤᠨ ᠰᠣᠷᠪᠤᠯᠵᠢᠯᠠᠭ᠎ᠠ︾ ᠶᠢᠨ ᠳᠦᠷᠢᠮ ᠢ ᠰᠦᠪᠡᠭᠴᠢᠯᠡᠨ ᠬᠡᠷᠡᠭᠵᠢᠭᠦᠯᠵᠦ᠂ ᠺᠠᠳ᠋ᠷ ᠤᠨ ᠵᠠᠩ ᠠᠭᠠᠰᠢ᠂ ᠵᠠᠩ ᠴᠢᠨᠠᠷ᠂ ᠭᠡᠷ ᠪᠦᠯᠢ᠂ ᠠᠮᠢᠳᠤᠷᠠᠯ ᠵᠡᠷᠭᠡ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠺᠠᠳ᠋ᠷ ᠤᠨ ᠶᠡᠷᠦᠩᠬᠡᠢ ᠢᠯᠡᠷᠡᠯ ᠪᠠ ᠠᠷᠢᠭᠤᠨ ᠴᠢᠬᠡᠴᠢ ᠭᠡᠷ ᠤᠨ ᠰᠤᠷᠲᠠᠯ ᠢ ᠭᠦᠢᠴᠡᠳ ᠨᠤᠲᠠᠯᠠᠪᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠢᠨ ᠤ ᠤᠯᠤᠰ ᠲᠦᠷᠦ ᠤᠨ ᠰᠢᠯᠭᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦᠯ ᠰᠠᠳᠤᠨ ᠤ ᠬᠠᠷᠢᠴᠠᠭ᠎ᠠ ᠲᠠᠢ  ᠬᠢᠨ ᠢ ᠵᠠᠶᠢᠯᠠᠭᠤᠯᠬᠤ ᠬᠦᠰᠦᠨᠦᠭᠲᠦ᠂ ᠬᠢᠨᠠᠨ   ᠰᠢᠯᠭᠠᠭᠳᠠᠬᠤ ᠡᠲᠡᠭᠡᠳ ᠤᠨ ︽ᠭᠤᠷᠪᠠᠨ ᠬᠦᠷᠢᠶ᠎ᠡ︾ ᠶᠢᠨ ᠢᠯᠡᠷᠡᠯ ᠢ ᠡᠰᠡᠷᠭᠦ ᠴᠢᠭᠯᠡᠯ ᠢᠶᠠᠷ ᠠᠷᠠᠳᠴᠢᠯᠠᠯ ᠳᠤ ᠦᠨᠡᠯᠡᠯᠲᠡ ᠶᠢᠨ ᠬᠦᠰᠦᠨᠦᠭᠲᠦ ᠶᠢ ᠲᠠᠭᠯᠠᠬᠤ ᠠᠷᠭ᠎ᠠ ᠶᠢ ᠠᠪᠴᠤ᠂ ᠺᠠᠳ᠋ᠷ ᠤᠨ ᠲᠦᠷᠦᠯ ᠰᠠᠳᠤᠨ ᠤ ᠬᠦᠷᠢᠶ᠎ᠡ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ᠂ ᠨᠠᠶᠢᠵᠢ ᠶᠢᠨ ᠬᠦᠷᠢᠶ᠎ᠡ ᠶᠢ ᠭᠤᠣᠯᠳᠠᠯᠭ᠎ᠠ ᠲᠠᠢ ᠣᠶᠢᠯᠠᠭᠠᠵᠤ᠂ ᠺᠠᠳ᠋ᠷ ᠤᠨ ︽ᠳᠥᠷᠪᠡᠨ ᠶᠠᠷᠢᠯᠴᠠᠬᠤ︾ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠺᠠᠳ᠋ᠷ ᠤᠨ︽ᠨᠠᠢᠮᠠᠨ ᠴᠠᠭ ᠠᠴᠠ ᠭᠠᠳᠠᠨᠠᠬᠢ︾ ᠶᠢᠨ ᠤᠯᠤᠰ ᠲᠦᠷᠦ ᠶᠢᠨ ᠢᠯᠡᠷᠡᠯ ᠢ ᠪᠦᠬᠦ ᠲᠠᠯ᠎ᠠ ᠪᠠᠷ ᠡᠵᠡᠮᠰᠢᠪᠡ᠃ ᠣᠳᠣ ᠨᠢᠭᠡᠨᠲᠡ 18 ᠺᠠᠳ᠋ᠷ ᠲᠤ ︽ᠤᠯᠤᠰ ᠲᠥᠷᠥ   ᠶᠢᠨ ᠭᠡᠷ ᠤᠨ ᠰᠣᠷᠪᠤᠯᠵᠢᠯᠠᠭ᠎ᠠ︾ ᠬᠢᠵᠦ᠂ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠢᠨ ᠠᠴᠠ 81 ᠺᠠᠳ᠋ᠷ ᠤᠨ ᠤᠯᠤᠰ ᠲᠥᠷᠥ   ᠶᠢᠨ ᠢᠯᠡᠷᠡᠯ   ᠢ ᠬᠢᠨᠠᠨ ᠲᠣᠭᠲᠠᠭᠠᠪᠠ᠃    ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠬᠤ ᠪᠠᠷ ︽ᠲᠣᠭᠲᠠᠯ ᠬᠦᠴᠦᠨ ᠢ ᠬᠢᠨᠠᠨ ᠰᠢᠯᠭᠠᠬᠤ︾ ᠢ ᠪᠠᠷᠢᠮᠲᠠᠯᠠᠪᠠ᠃ ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢᠶᠠᠷ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠢ ᠬᠢᠨᠠᠨ ᠰᠢᠯᠭᠠᠵᠤ ᠢᠯᠭᠠᠨ ᠲᠠᠨᠢᠬᠤ ᠴᠢᠬᠤᠯᠠ ᠠᠷᠭ᠎ᠠ ᠵᠠᠮ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠣᠯᠣᠨ ᠴᠠᠭᠳᠠᠨ ᠪᠠᠶᠢᠴᠠᠭᠠᠬᠤ ᠪᠠᠶᠢᠭᠤᠯᠤᠮᠵᠢ ᠶᠢᠨ ᠴᠠᠭᠳᠠᠨ ᠪᠠᠶᠢᠴᠠᠭᠠᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠤᠳᠤᠯᠤᠨ ᠲᠣᠭᠲᠠᠭᠠᠵᠤ᠂ 12380 ᠵᠠᠬᠢᠳᠠᠯ ᠰᠣᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠬᠦ ᠠᠷᠭ᠎ᠠ ᠵᠠᠮ ᠲᠠᠢ ᠤᠶᠠᠯᠳᠤᠭᠤᠯᠤᠨ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠴᠠᠭᠳᠠᠨ ᠪᠠᠶᠢᠴᠠᠭᠠᠭᠳᠠᠬᠤ ᠨᠢᠭᠡᠴᠢ ᠶᠢᠨ ᠨᠠᠮ ᠤᠨ ᠪᠠᠶᠢᠭᠤᠯᠤᠯᠲᠠ᠂ ᠤᠯᠤᠰ ᠲᠦᠷᠦ ᠶᠢᠨ ᠠᠮᠢ ᠠᠬᠤᠢ᠂ ᠪᠠᠭ ᠤᠨ ᠠᠵᠢᠯᠯᠠᠭ᠎ᠠ᠂ ᠠᠵᠢᠯ ᠤᠨ ᠨᠠᠶᠢᠳᠠᠪᠤᠷᠢᠵᠢᠭᠤᠯᠤᠯᠲᠠ ᠵᠡᠷᠭᠡ ᠡᠯ᠎ᠡ ᠲᠠᠯ᠎ᠠ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠪᠡ᠃ ᠰᠠᠯᠠᠭᠠᠨ ᠤ ᠲᠠᠰ ᠤᠨ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ ᠬᠡᠪ ᠴᠢᠨᠠᠷ ᠤᠨ ᠲᠠᠩᠰᠠ ᠡᠪᠬᠡᠮᠡᠯ ᠪᠠ ᠭᠤᠣᠯ ᠬᠠᠷᠢᠭᠤᠴᠠᠯᠭᠠᠲᠠᠨ ᠤ ︽ᠡᠷᠬᠡ ᠪᠠᠨ ᠬᠡᠷᠡᠭᠯᠡᠭᠰᠡᠨ ᠲᠠᠩᠰᠠ ᠡᠪᠬᠡᠮᠡᠯ︾ ᠪᠠ ︽ᠬᠡᠪ ᠪᠣᠰᠤ ᠦᠶᠯᠡ ᠠᠵᠢᠯᠯᠠᠭ᠎ᠠ ᠶᠢᠨ ᠲᠠᠩᠰᠠ ᠡᠪᠬᠡᠮᠡᠯ︾ ᠢ ᠪᠠᠶᠢᠭᠤᠯᠵᠤ᠂ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ ᠢᠯᠡᠷᠡᠯ ᠢ ᠦᠨᠡᠨ ᠪᠣᠳᠠᠲᠠᠢ ᠪᠠᠷ ᠲᠡᠮᠳᠡᠭᠯᠡᠵᠦ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠂ ᠺᠠᠳ᠋ᠷᠴᠤᠳ ᠤᠨ ᠤᠯᠤᠰ ᠲᠥᠷᠥ ᠶᠢᠨ ᠬᠡᠪ ᠴᠢᠨᠠᠷ ᠤᠨ ᠢᠯᠡᠷᠡᠯ ᠢ ᠪᠥᠬᠦ ᠲᠠᠯ᠎ᠠ ᠪᠠᠷ ᠡᠵᠡᠮᠰᠢᠪᠡ᠃ ᠤᠳᠤ ᠨᠢᠭᠡᠨᠲᠡ ᠴᠠᠭᠳᠠᠨ ᠪᠠᠶᠢᠴᠠᠭᠠᠭᠠᠳ ᠢᠯᠡᠷᠡᠭᠦᠯᠦᠭᠰᠡᠨ 4 ︽ᠭᠤᠣᠯ ᠬᠠᠷᠢᠭᠤᠴᠠᠯᠭᠠᠲᠠᠨ︾ ᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠥᠪ ᠴᠢᠩᠭ᠎ᠠ ᠪᠤᠰᠤ ᠵᠢᠷᠤᠮᠵᠢᠯ ᠦᠭᠡᠢ ᠠᠰᠠᠭᠤᠳᠠᠯ ᠢ ︽ᠬᠡᠪ ᠤᠨ ᠪᠣᠰᠤ ᠦᠢᠯᠡ ᠠᠵᠢᠯᠯᠠᠭ᠎ᠠ ᠶᠢᠨ ᠳᠠᠩᠰᠠ ᠡᠪᠬᠡᠮᠡᠯ︾ ᠳᠤ ᠣᠷᠣᠭᠤᠯᠵᠤ᠂ 1 ᠺᠠᠳ᠋ᠷ ᠤᠨ ᠬᠢᠨᠠᠨ ᠰᠢᠯᠭᠠᠭᠳᠠᠬᠤ ᠡᠲᠡᠭᠡᠳ ᠤᠨ ᠬᠢᠷᠢ ᠬᠡᠮ ᠢ ᠬᠠᠰᠤᠪᠠ᠃    ᠠᠵᠢᠯ ᠤᠨ ᠪᠣᠳᠠᠲᠤ ᠠᠮᠵᠢᠯᠲᠠ ᠪᠠᠷ ︽ᠴᠢᠳᠠᠪᠤᠷᠢ ᠶᠢ ᠬᠢᠨᠠᠨ ᠰᠢᠯᠭᠠᠬᠤ︾ ᠶᠢ ᠪᠠᠷᠢᠮᠲᠠᠯᠠᠪᠠ᠃ ᠡᠩ ᠤᠨ ᠦᠶ᠎ᠡ ᠶᠢᠨ ᠬᠢᠨᠠᠨ ᠰᠢᠯᠭᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠤᠨ ᠪᠣᠳᠠᠲᠤ ᠠᠮᠵᠢᠯᠲᠠ ᠶᠢ ᠪᠣᠳᠠᠲᠠᠢ ᠪᠠᠷ ᠲᠡᠮᠳᠡᠭᠯᠡᠬᠦ ᠳᠦᠷᠢᠮ ᠢ ᠪᠠᠶᠢᠭᠤᠯᠵᠤ᠂ ᠤᠯᠤᠰ ᠲᠦᠷᠦ ᠶᠢᠨ ᠲᠠᠯ᠎ᠠ ᠠᠴᠠ ᠪᠠᠶᠢᠳᠠᠯ ᠢ ᠰᠤᠳᠤᠯᠤᠨ ᠮᠠᠭᠠᠳᠯᠠᠵᠤ᠂ ᠠᠰᠠᠭᠤᠳᠠᠯ ᠢ ᠵᠠᠳᠠᠯᠵᠤ᠂ ᠴᠢᠭᠯᠡᠯ ᠢ ᠡᠵᠡᠮᠳᠡᠬᠦ᠂ ᠶᠡᠭᠡ ᠬᠠᠨᠳᠤᠰᠢ ᠶᠢ ᠡᠵᠡᠮᠳᠡᠬᠦ᠂ ᠪᠦᠬᠦ ᠲᠠᠯ᠎ᠠ ᠶᠢ ᠡᠵᠡᠮᠳᠡᠬᠦ᠂ ᠤᠯᠤᠰ ᠲᠦᠷᠦ ᠶᠢᠨ ᠲᠣᠭᠲᠠᠯ ᠬᠦᠴᠦᠨ ᠢ ᠪᠠᠲᠤᠯᠠᠬᠤ᠂ ᠤᠯᠤᠰ ᠲᠦᠷᠦ ᠶᠢᠨ ᠪᠠᠶᠢᠳᠠᠯ ᠢ ᠡᠵᠡᠮᠳᠡᠬᠦ᠂ ᠤᠯᠤᠰ ᠲᠦᠷᠦ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠲᠠᠯ᠎ᠠ ᠪᠠᠷ ᠺᠠᠳ᠋ᠷᠴᠤᠳ ᠤᠨ ᠤᠯᠤᠰ ᠲᠦᠷᠦ ᠶᠢᠨ ᠴᠢᠳᠠᠪᠤᠷᠢ ᠪᠣᠯᠣᠨ ᠠᠵᠢᠯ ᠤᠨ ᠪᠠᠶᠢᠷᠢ ᠶᠢᠨ ᠵᠣᠬᠢᠴᠠᠯᠳᠤᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠬᠢᠨᠠᠨ  ᠰᠢᠯᠭᠠᠪᠠ᠃ ︽ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠢ ᠣᠨᠣᠪᠴᠢᠲᠠᠶ ᠪᠣᠲᠠᠲᠠᠢ ᠬᠢᠨᠠᠨ ᠰᠢᠯᠭᠠᠬᠤ ᠠᠵᠢᠯᠯᠠᠭᠠᠨ ᠤ ᠳᠦᠷᠢᠮ︾ ᠢ ᠲᠣᠭᠲᠠᠭᠠᠨ ᠬᠡᠷᠡᠭᠵᠢᠭᠦᠯᠵᠦ᠂ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠢ ᠢᠯᠭᠠᠨ ᠲᠣᠳᠣᠯᠠᠬᠤ ᠰᠤᠳᠤᠯᠤᠨ ᠮᠠᠭᠠᠳᠯᠠᠬᠤ ᠳᠤᠭᠤᠶᠢᠯᠠᠩ ᠪᠠᠶᠢᠭᠤᠯᠵᠤ᠂ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠤᠨ ᠳᠠᠩᠰᠠ ᠡᠪᠬᠡᠮᠡᠯ᠂ ᠤᠯᠤᠰ ᠲᠦᠷᠦ ᠶᠢᠨ ᠢᠯᠡᠷᠡᠯ ᠢᠶᠠᠨ ᠥᠪᠡᠷ ᠢᠶᠠᠨ ᠦᠨᠡᠯᠡᠭᠰᠡᠨ ᠮᠡᠳᠡᠭᠦᠯᠦᠯᠲᠡ ᠪᠠ ᠤᠯᠤᠰ ᠲᠦᠷᠦ ᠶᠢᠨ ᠬᠢᠨᠠᠨ ᠲᠣᠭᠲᠠᠭᠠᠯᠲᠠ ᠬᠢᠭᠰᠡᠨ ᠳ᠋ᠦᠩᠨᠡᠯᠲᠡ ᠶᠢᠨ ᠴᠢᠨᠠᠷᠲᠠᠢ ᠰᠠᠨᠠᠯ ᠢ ᠬᠡᠷᠡᠭᠯᠡᠨ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠨ ᠠᠵᠢᠯ ᠬᠢᠳᠡᠭ ᠰᠢᠯᠢᠳᠡᠭ ᠺᠠᠳ᠋ᠷᠴᠤᠳ ᠢ ᠢᠯᠭᠠᠨ ᠲᠠᠨᠢᠪᠠ᠃ ᠤᠳᠤ ᠨᠢᠭᠡᠨᠲᠡ 416 ᠺᠠᠳ᠋ᠷ ᠤᠨ ᠠᠵᠢᠯ ᠤᠨ ᠪᠣᠳᠠᠲᠤ ᠠᠮᠵᠢᠯᠲᠠ ᠶᠢ ᠴᠤᠭᠯᠠᠭᠤᠯᠬᠤ ᠠᠵᠢᠯ ᠢ ᠪᠡᠶᠡᠯᠡᠭᠦᠯᠵᠦ᠂ 61 ᠨᠡᠷᠡᠰ ᠤᠯᠤᠰ ᠲᠦᠷᠦ ᠶᠢᠨ ᠢᠲᠡᠭᠡᠯ ᠵᠣᠷᠢᠭ ᠪᠠᠲᠤ ᠴᠢᠩᠭ᠎ᠠ᠂ ᠤᠯᠤᠰ ᠲᠦᠷᠦ ᠶᠢᠨ ᠬᠡᠪ ᠴᠢᠨᠠᠷ ᠴᠢᠩᠭ᠎ᠠ ᠰᠢᠯᠢᠳᠡᠭ ᠺᠠᠳ᠋ᠷ ᠢ ᠰᠢᠯᠢᠵᠦ ᠳᠡᠪᠰᠢᠭᠦᠯᠦᠨ ᠬᠡᠷᠡᠭᠯᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号