5 ᠰᠠᠷ᠎ᠠ ᠶᠢᠨ 21 ᠤ ᠡᠳᠦᠷ᠂ ᠭᠠᠭ᠋ᠠᠶᠢᠳᠤ ᠪᠠᠯᠭᠠᠰᠤ 2022 ᠣᠨ ᠤ ᠬᠤᠶᠠᠳᠤᠭᠠᠷ ᠤᠯᠠᠷᠢᠯ ᠤᠨ | ᠬᠥᠳᠡᠯᠦᠩᠭᠦᠢ ᠲᠤᠬᠢᠷᠠᠭᠤᠯᠬᠤ ᠰᠤᠳᠤᠯᠤᠨ ᠮᠠᠭᠠᠳᠯᠠᠬᠤ ᠬᠤᠷᠠᠯ ᠬᠢᠪᠡ᠃ ᠬᠤᠷᠠᠯ ᠠᠴᠠ ᠱᠠᠭᠠᠷᠳᠠᠭᠰᠠᠨ ᠨᠢ᠂ ︽ | ᠳᠥᠷᠪᠡ ᠶᠢ ᠰᠠᠯᠭᠠᠬᠤ ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ | ᠪᠠᠶᠢᠴᠠᠭᠠᠭᠳᠠᠬᠤ ᠡᠲᠡᠭᠡᠳ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠳᠠᠬᠢᠨ | ᠶᠠᠳᠠᠭᠤᠷᠠᠬᠤ ᠲᠦᠭᠰᠢᠭᠦᠷᠢ ᠶᠢ ᠴᠠᠭ ᠲᠤᠬᠠᠢ ᠳᠤᠨᠢ ᠠᠷᠢᠯᠭᠠᠵᠤ᠂ ᠡᠷᠲᠡ ᠢᠯᠡᠷᠡᠭᠦᠯᠵᠦ᠂ ᠬᠠᠮᠢᠶᠠᠷᠴᠤ᠂ ᠡᠷᠲᠡ | ᠬᠠᠪᠰᠤᠷᠤᠨ ᠲᠡᠳᠬᠦᠵᠦ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ | ᠡᠷᠡᠰ ᠰᠠᠬᠢᠵᠤ᠂ ᠶᠠᠳᠠᠭᠤ ᠠᠴᠠ ᠠᠩᠬᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠦᠨᠡᠨᠬᠦ | ᠰᠠᠶᠢᠲᠤᠷ ᠬᠢᠬᠦ ᠬᠡᠷᠡᠭᠲᠡᠢ ᠭᠡᠪᠡ᠃ | | |