ᠣᠶᠢᠷ᠎ᠠ ᠳᠤ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠢᠨ ᠪᠠᠶᠠᠨᠲᠠᠯ᠎ᠠ | ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠬᠥᠮᠥᠨ ᠳᠤ ᠬᠠᠯᠳᠠᠪᠤᠷᠢᠯᠠᠬᠤ ᠬᠤᠯᠤᠭᠠᠨ᠎ᠠ ᠶᠢᠨ | ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠠᠭᠤᠷᠢᠶᠠᠮᠠᠯ ᠰᠣᠷᠢᠯᠲᠠ ᠬᠢᠪᠡ᠃ ᠰᠣᠷᠢᠯᠲᠠ ᠳᠤ | ᠪᠣᠳᠠᠲᠤ ᠤᠷᠴᠢᠨ ᠲᠤᠭᠤᠷᠢᠨ ᠢ ᠪᠠᠶᠢᠷᠢᠯᠠᠭᠤᠯᠬᠤ᠂ ᠪᠣᠳᠠᠲᠤ ᠬᠥᠮᠥᠨ ᠰᠣᠷᠢᠯᠲᠠ ᠬᠢᠬᠦ ᠳᠤ ᠣᠷᠤᠯᠴᠠᠬᠤ᠂ ᠪᠤᠳᠠᠳᠠᠢ | ᠠᠵᠢᠯᠯᠠᠵᠦ᠂ ᠬᠤᠯᠤᠭᠠᠨ᠎ᠠ ᠶᠢᠨ ᠬᠢᠵᠢᠭ ᠢ ᠠᠬᠤᠢ ᠲᠠᠯᠠᠪᠤᠷ ᠲᠤ ᠰᠢᠢᠳᠪᠦᠷᠢᠯᠡᠬᠦ ᠠᠷᠭ᠎ᠠ ᠮᠠᠶ᠋ᠢᠭ ᠢ ᠪᠥᠬᠦ ᠲᠠᠯ᠎ᠠ ᠪᠠᠷ | ᠲᠠᠭᠤᠷᠢᠶᠠᠨ ᠦᠵᠡᠭᠦᠯᠤᠨ ᠶᠠᠪᠤᠭᠳᠠᠭᠤᠯᠪᠠ᠃ ᠡᠪᠡᠳᠴᠢᠨ ᠤ ᠵᠢᠱᠢᠶ᠎ᠡ ᠶᠢ ᠪᠠᠶᠢᠴᠠᠭᠠᠨ ᠬᠠᠷᠭᠤᠭᠤᠯᠬᠤ᠂ ᠲᠤᠬᠠᠢ ᠶᠢᠨ | ᠭᠠᠵᠠᠷ ᠲᠤᠨᠢ ᠣᠨᠣᠰᠢᠯᠠᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ᠂ ᠥᠯᠢᠭᠡᠷ ᠠᠪᠴᠤ | ᠰᠢᠯᠭᠠᠨ ᠪᠠᠶᠢᠴᠠᠭᠠᠬᠤ᠂ ᠰᠢᠯᠵᠢᠭᠦᠯᠦᠨ ᠲᠡᠭᠡᠭᠡᠪᠦᠷᠢᠯᠡᠬᠦ᠂ ᠠᠷᠢᠭᠤᠳᠬᠠᠯ ᠬᠢᠬᠦ ᠠᠴᠠ ᠬᠢᠵᠢᠭᠲᠦ ᠣᠷᠣᠨ ᠢ | ᠤᠬᠠᠭᠤᠯᠬᠤ ᠬᠢᠨᠠᠨ ᠬᠠᠮᠢᠶᠠᠷᠬᠤ ᠵᠡᠷᠭᠡ ᠭᠤᠭᠴᠤᠭ᠎ᠠ ᠬᠦᠷᠳᠡᠯ᠎ᠠ ᠪᠣᠳᠠᠲᠠᠢ ᠳᠠᠭᠤᠷᠢᠶᠠᠮᠠᠯ ᠰᠣᠷᠢᠯᠲᠠ ᠬᠢᠵᠦ᠂ | ᠡᠮᠨᠡᠯᠭᠡ ᠶᠢᠨ ᠠᠵᠢᠯᠲᠠᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠪᠠ ᠪᠠᠴᠢᠮ ᠪᠠᠶᠢᠳᠠᠯ ᠢ | ᠠᠷᠭᠠᠴᠠᠭᠠᠬᠤ ᠡᠩᠨᠡᠭᠡ ᠶᠢᠨ ᠪᠣᠳᠠᠲᠤ ᠲᠠᠶᠢᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠪᠠᠲᠤ ᠪᠠᠬᠢ ᠰᠠᠭᠤᠷᠢ ᠲᠠᠯᠪᠢᠪᠠ᠃ | |