| | | 5 ᠰᠠᠷ᠎ᠠ ᠶᠢᠨ 21 ᠤ ᠡᠳᠦᠷ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠳᠡᠳ᠋ ᠳᠠᠷᠤᠭ᠎ᠠ᠂ ᠠᠯᠪᠠᠲᠠᠨ ᠤ ᠲᠣᠪᠴᠢᠶ᠎ᠠ ᠶᠢᠨ ᠳᠠᠷᠤᠭ᠎ᠠ ᠵᠠᠩ ᠬᠠᠨ ᠰᠥᠩ ᠨᠥᠬᠦᠷ ᠵᠠᠷᠤᠳ | ᠬᠤᠰᠢᠭᠤᠨ ᠳᠤ ᠢᠷᠡᠵᠦ ︽ᠵᠠᠷ ᠱᠠᠯᠠᠵᠤ ᠠᠵᠢᠯ ᠲᠣᠰᠬᠤ︾ ᠴᠢᠳᠠᠪᠤᠷᠢᠲᠠᠨ ᠤ ᠲᠥᠷᠥᠯ ᠵᠦᠢᠯ ᠢ ᠥᠷᠨᠢᠭᠦᠯᠵᠦ | ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ ᠵᠢᠴᠢ ᠬᠤᠲᠠ᠂ ᠬᠤᠰᠢᠭᠤᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠵᠠᠩ ᠬᠠᠨ ᠰᠥᠩ ᠨᠥᠬᠦᠷ ᠤᠷᠢᠳ ᠬᠤᠵᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠣᠯᠪᠠ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠂ ᠵᠠᠩ ᠬᠠᠨ ᠰᠥᠩ ᠰᠢᠨᠵᠢᠯᠡᠭᠡ ᠮᠡᠷᠭᠡᠵᠢᠯ ᠤᠨ | ᠬᠦᠷᠢᠶᠡᠨ ᠤ ᠲᠤᠰᠬᠠᠢ ᠮᠡᠷᠭᠡᠵᠢᠯᠲᠡᠳ ᠤᠨ ᠦᠨᠳᠦᠰᠦᠨ ᠱᠠᠲᠤᠨ ᠳᠤ ᠦᠢᠯᠡᠴᠢᠯᠡᠵᠦ ᠦᠨᠳᠦᠰᠦᠨ ᠱᠠᠲᠤᠨ ᠤ | ᠬᠥᠭᠵᠢᠯᠲᠡ ᠳᠤ ᠬᠦᠴᠦ ᠨᠡᠮᠡᠷᠢᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠬᠤᠰᠢᠭᠤᠨ ᠤ ᠰᠤᠷᠭᠠᠨ | ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠳᠤ ᠵᠠᠩ ᠬᠠᠨ ᠰᠥᠩ ᠰᠤᠷᠭᠠᠨ ᠬᠥᠮᠦᠵᠢᠯ ᠤᠨ ᠬᠦᠷᠢᠶᠡᠨ ᠳᠠᠬᠢ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠲᠤᠰᠬᠠᠢ ᠮᠡᠷᠭᠡᠵᠢᠯᠲᠡᠨ ᠤ ᠦᠨᠳᠦᠰᠦᠨ ᠱᠠᠲᠤᠨ ᠳᠤ ᠦᠢᠯᠡᠴᠢᠯᠡᠬᠦ | ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ᠳᠣᠷᠵᠢ ᠨᠥᠬᠦᠷ ᠰᠢᠨᠵᠢᠯᠡᠭᠡ ᠮᠡᠷᠭᠡᠵᠢᠯ ᠤᠨ ᠬᠦᠷᠢᠶᠡᠨ ᠳᠠᠬᠢ ︽ᠭᠤᠷᠪᠠ | ᠦᠢᠯᠡᠴᠢᠯᠡᠵᠦ ᠨᠢᠭᠡ ᠠᠬᠢᠭᠤᠯᠬᠤ︾ ᠦᠨᠳᠦᠰᠦᠨ ᠱᠠᠲᠤᠨ ᠤ ᠬᠥᠭᠵᠢᠯᠲᠡ ᠳᠤ ᠬᠦᠴᠦᠨ ᠨᠡᠮᠡᠷᠢᠯᠡᠬᠦ ᠲᠥᠷᠥᠯ | ᠵᠦᠢᠯ ᠢ ᠠᠬᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃ | ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠠᠩ ᠵᠧᠨ ᠴᠢᠩ ᠨᠥᠬᠦᠷ ᠰᠤᠷᠭᠠᠨ ᠬᠥᠮᠦᠵᠢᠯ ᠤᠨ | ᠬᠦᠷᠢᠶᠡᠨ ᠳᠠᠬᠢ ︽ᠭᠤᠷᠪᠠ ᠶᠢ ᠣᠷᠣᠭᠤᠯᠵᠤ ᠨᠢᠭᠡ ᠶᠢ ᠬᠥᠮᠥᠵᠢᠭᠦᠯᠬᠦ︾ ᠴᠢᠳᠠᠪᠤᠷᠢᠲᠠᠨ ᠤ ᠠᠵᠢᠯ ᠢ ᠠᠬᠢᠭᠤᠯᠬᠤ | ︽ᠲᠥᠪ ᠢ ᠴᠢᠩᠭᠠᠳᠬᠠᠵᠤ ᠴᠡᠭ ᠢ ᠠᠮᠢᠵᠢᠷᠠᠭᠤᠯᠬᠤ︾ ᠪᠠ ︽ᠭᠤᠷᠪᠠ ᠦᠢᠯᠡᠴᠢᠯᠡᠵᠦ ᠨᠢᠭᠡ ᠠᠬᠢᠭᠤᠯᠬᠤ︾ | ᠦᠨᠳᠦᠰᠦᠨ ᠱᠠᠲᠤᠨ ᠤ ᠬᠥᠭᠵᠢᠯᠲᠡ ᠳᠤ ᠬᠦᠴᠦᠨ ᠨᠡᠮᠡᠷᠢᠯᠡᠬᠦ ᠬᠤᠶᠠᠷ ᠲᠥᠷᠥᠯ ᠵᠦᠢᠯ ᠢ ᠲᠦᠯᠬᠢᠨ | ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ | ᠰᠦᠸᠧ ᠮᠢᠩ ᠢᠦᠢ ᠨᠥᠬᠦᠷ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠰᠢᠨᠵᠢᠯᠡᠭᠡ ᠮᠡᠷᠭᠡᠵᠢᠯ ᠪᠣᠯᠣᠨ | ᠰᠤᠷᠭᠠᠨ ᠬᠥᠮᠦᠵᠢᠯ ᠬᠤᠶᠠᠷ ᠬᠦᠷᠢᠶᠡᠨ ᠳᠤ ᠲᠤᠰᠬᠠᠢ ᠮᠡᠷᠭᠡᠵᠢᠯᠲᠡᠨ ᠤ ᠦᠨᠳᠦᠰᠦᠨ ᠱᠠᠲᠤᠨ ᠳᠤ ᠦᠢᠯᠡᠴᠢᠯᠡᠬᠦ | ᠠᠵᠢᠯ ᠢ ᠴᠥᠮ ᠮᠠᠰᠢ ᠪᠣᠳᠠᠲᠠᠢ ᠨᠠᠷᠢᠯᠢᠭ ᠬᠢᠵᠦ᠂ ᠬᠤᠶᠠᠷ ᠬᠦᠷᠢᠶ᠎ᠡ ᠴᠠᠷ᠎ᠠ ᠶᠢᠨ ᠲᠤᠰᠬᠠᠢ ᠮᠡᠷᠭᠡᠵᠢᠯᠲᠡᠨ | ᠴᠢᠳᠠᠪᠤᠷᠢᠲᠠᠨ ᠲᠤᠲᠠᠭᠳᠠᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠯ᠎ᠡ ᠰᠠᠯᠠᠭ᠎ᠠ ᠮᠥᠴᠢᠷ ᠬᠢᠨ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠲᠤᠰᠬᠠᠢ ᠮᠡᠷᠭᠡᠵᠢᠯᠲᠡᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠪᠤᠴᠠᠭᠠᠨ ᠠᠪᠴᠢᠷᠠᠬᠤ᠂ ᠡᠯᠰᠡᠨ ᠬᠡᠷᠡᠭᠯᠡᠬᠦ᠂ ᠲᠣᠰ ᠭᠠᠵᠠᠷ ᠣᠷᠣᠨ ᠳᠠᠭᠠᠨ ᠬᠥᠮᠥᠵᠢᠭᠦᠯᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠨ᠂ ᠰᠢᠨᠵᠢᠯᠡᠭᠡ ᠮᠡᠷᠭᠡᠵᠢᠯ ᠪᠠ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ | ᠴᠢᠳᠠᠪᠤᠷᠢᠲᠠᠨ ᠤ ᠬᠦᠴᠦᠨ ᠢ ᠴᠠᠭ ᠲᠤᠬᠠᠢ ᠳᠤᠨᠢ ᠨᠥᠬᠦᠪᠦᠷᠢᠯᠡᠵᠦ᠂ ᠬᠦᠳᠡᠭᠡ ᠲᠣᠰᠬᠤᠨ ᠮᠠᠯᠵᠢᠬᠤ ᠣᠷᠣᠨ ᠤ | ᠰᠢᠨᠵᠢᠯᠡᠭᠡ ᠮᠡᠷᠭᠡᠵᠢᠯ᠂ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠲᠠ ᠦᠭᠡᠢ ᠲᠤᠰᠬᠠᠢ | ᠮᠡᠷᠭᠡᠵᠢᠯᠲᠡᠨ ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠪᠠᠲᠤᠯᠠᠭ᠎ᠠ ᠬᠠᠩᠭᠠᠪᠠ ᠭᠡᠪᠡ᠃ | ᠵᠠᠩ ᠬᠠᠨ ᠰᠥᠩ ᠨᠥᠬᠦᠷ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠤᠶᠠᠷ ᠬᠦᠷᠢᠶᠡᠨ ᠤ ᠬᠢᠨ ᠴᠦᠮ ︽ | ᠵᠠᠷ ᠱᠠᠯᠠᠵᠤ ᠠᠵᠢᠯ ᠲᠣᠰᠬᠤ︾ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠷᠠᠭᠠᠴᠢ ᠶᠢᠨ ᠠᠯᠬᠤᠮ ᠳᠤ | ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠬᠤ ᠠᠵᠢᠯ ᠢ ᠰᠠᠶᠢᠲᠤᠷ ᠬᠢᠬᠦ ᠳᠤ ᠬᠦᠴᠦ ᠲᠠᠯᠪᠢᠬᠤ ᠬᠡᠷᠡᠭᠲᠡᠢ᠃ ︽ᠭᠤᠷᠪᠠ | ᠦᠢᠯᠡᠴᠢᠯᠡᠵᠦ ᠨᠢᠭᠡ ᠠᠬᠢᠭᠤᠯᠬᠤ︾ ᠦᠨᠳᠦᠰᠦᠨ ᠱᠠᠲᠤᠨ ᠤ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠡᠴᠦᠰ | ᠰᠡᠭᠦᠯ ᠳᠡᠭᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠳᠠᠯ ᠪᠣᠯᠣᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠳᠤ ᠬᠠᠮᠤᠭ ᠤᠨ ᠬᠡᠷᠡᠭᠴᠡᠭᠡ ᠲᠠᠢ ᠨᠢ ᠲᠤᠰᠬᠠᠢ ᠮᠡᠷᠭᠡᠵᠢᠯᠲᠡᠨ ᠴᠢᠳᠠᠪᠤᠷᠢᠲᠠᠨ | ᠪᠣᠯᠣᠨ᠎ᠠ᠃ ᠬᠡᠷᠬᠢᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠬᠦ ᠨᠢ | ᠵᠠᠩᠭᠢᠯᠠᠭ᠎ᠠ ᠨᠢ ᠪᠠᠶᠢᠭᠤᠯᠤᠮᠵᠢ ᠲᠣᠭᠲᠠᠴᠠ ᠶᠢᠨ ᠲᠠᠯ᠎ᠠ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠪᠠᠶᠢᠨ᠎ᠠ᠂ | ᠪᠠᠶᠢᠩᠭᠤᠵᠢᠭᠰᠠᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠤ ᠦᠨᠳᠦᠰᠦᠨ ᠱᠠᠲᠤᠨ ᠳᠤ ᠦᠢᠯᠡᠴᠢᠯᠡᠬᠦ ᠪᠠᠶᠢᠭᠤᠯᠣᠮᠵᠢ | ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠨᠠᠩ ᠣᠯᠠᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠤ | ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠤ ᠡᠮᠦᠨ᠎ᠡ ᠹᠷᠣᠨᠲ ᠳᠠᠰᠢ ᠰᠢᠯᠵᠢᠬᠦ ᠶᠢ ᠵᠣᠷᠢᠭᠵᠢᠭᠤᠯᠵᠤ᠂ ᠨᠠᠩ | ᠣᠯᠠᠨ ᠨᠤᠲᠤᠭ ᠤᠨ ᠲᠤᠰᠬᠠᠢ ᠮᠡᠷᠭᠡᠵᠢᠯᠲᠡᠨ ᠴᠢᠳᠠᠪᠤᠷᠢᠲᠠᠨ ᠢ ᠬᠦᠮᠦᠵᠢᠭᠦᠯᠦᠨ᠂ ᠮᠠᠯᠴᠢᠨ ᠲᠠᠷᠢᠶᠠᠴᠢᠨ ᠳᠤ ᠨᠠᠩ | ᠰᠢᠯᠢᠳᠡᠭ ᠳᠠᠷᠢᠵᠤ ᠲᠡᠵᠢᠭᠡᠬᠦ ᠮᠡᠷᠭᠡᠵᠢᠯ ᠢ ᠡᠳ᠋ᠯᠡᠭᠦᠯᠵᠦ᠂ ᠬᠡᠦᠬᠡᠳ ᠤᠳ ᠲᠤ ᠲᠡᠩᠴᠡᠭᠦᠷᠢᠲᠡᠢ ᠰᠤᠷᠭᠠᠨ | ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠵᠦ᠂ ᠬᠦᠳᠡᠭᠡ ᠲᠣᠰᠬᠤᠨ ᠮᠠᠯᠵᠢᠬᠤ ᠣᠷᠣᠨ ᠤ ᠰᠢᠨᠵᠢᠯᠡᠭᠡ ᠮᠡᠷᠭᠡᠵᠢᠯ | ᠪᠠ ᠰᠤᠷᠭᠠᠨ ᠬᠥᠮᠦᠵᠢᠯ ᠤᠨ ᠬᠦᠷᠢᠶ᠎ᠡ ᠴᠠᠷ᠎ᠠ ᠶᠢᠨ ᠬᠦᠭᠵᠢᠨ ᠮᠡᠨᠳᠣᠭᠤᠯᠣᠯᠲᠠ ᠶᠢ ᠪᠡᠶᠡᠯᠡᠭᠦᠯᠬᠦ ᠬᠡᠷᠡᠭᠲᠡᠢ ᠭᠡᠵᠦ | ᠱᠠᠭᠠᠷᠳᠠᠪᠠ᠃ |