ᠣᠳᠣᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ | ᠢ ᠦᠨᠡᠨ ᠬᠦ ᠰᠢᠢᠳᠪᠦᠷᠢᠯᠡᠵᠦ᠂ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂ ᠵᠠᠷᠤᠳ ᠬᠤᠰᠢᠭᠤᠨ ᠤ ᠦᠨᠡᠭᠡᠴᠢ ᠰᠤᠮᠤ ᠶᠢᠨ ᠬᠢᠨ | ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠠᠷᠠᠳ ᠤᠨ ᠲᠥᠯᠥᠭᠡᠯᠡᠭᠴᠢ᠂ ᠭᠠᠴᠠᠭᠠᠨ ᠤ ︽ᠬᠤᠶᠠᠷ ᠵᠥᠪᠯᠡᠯ︾ | ᠤᠨ ᠪᠠᠭ ᠤᠨ ᠭᠡᠰᠢᠭᠦᠨ᠂ ᠬᠢᠵᠢᠭ ᠰᠡᠷᠭᠡᠶᠢᠯᠡᠭᠴᠢ᠂ ᠲᠡᠵᠢᠭᠡᠪᠤᠷᠢ ᠶᠢᠨ ᠲᠣᠮᠣ ᠡᠷᠦᠬᠡ ᠨᠡᠶᠢᠲᠡ 50 ᠭᠠᠷᠤᠢ | ᠬᠥᠮᠥᠨ ᠢ ᠵᠣᠬᠢᠶᠠᠨ ᠪᠠᠶᠢᠭᠤᠯᠵᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠦᠷᠴᠤ ᠦᠬᠡᠷ ᠤᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠰᠤᠷᠤᠯᠴᠠᠪᠠ᠃ | | ᠰᠢᠨᠵᠢᠯᠡᠨ ᠰᠤᠷᠤᠯᠴᠠᠬᠤ ᠪᠦᠯᠬᠦᠮ ᠤᠨ ᠬᠢᠨ ᠤᠷᠢᠳ ᠬᠤᠵᠢᠳ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠪᠠᠭᠠᠳᠠᠯ᠎ᠠ ᠰᠤᠮᠤ᠂ ᠠᠭᠤᠯᠠ ᠪᠠᠯᠭᠠᠰᠤᠨ ᠤ ᠦᠬᠡᠷ ᠲᠡᠵᠢᠭᠡᠬᠦ ᠬᠤᠷᠰᠢᠶ᠎ᠠ᠂ ᠭᠡᠷ ᠪᠦᠯᠢ ᠶᠢᠨ | ᠮᠠᠯᠵᠢᠯ ᠤᠨ ᠲᠠᠯᠠᠪᠠᠢ᠂ ᠦᠬᠡᠷ ᠤᠨ ᠬᠡᠳᠦ ᠳᠡᠯᠭᠡᠭᠦᠷ᠂ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ᠂ | ᠲᠡᠵᠢᠭᠡᠪᠤᠷᠢ ᠶᠢᠨ ᠵᠢᠱᠢᠶ᠎ᠡ ᠦᠵᠡᠭᠦᠯᠬᠦ ᠡᠷᠦᠬᠡ ᠳᠤ ᠬᠦᠷᠴᠦ᠂ ᠪᠣᠳᠠᠲᠠᠢ ᠭᠠᠵᠠᠷ ᠲᠤᠨᠢ ᠦᠬᠡᠷ ᠤᠨ ᠠᠵᠤ | ᠦᠢᠯᠡᠰ ᠤᠨ ᠡᠵᠡᠩᠨᠡᠯᠲᠡ ᠶᠢᠨ ᠵᠠᠭᠪᠤᠷ ᠪᠠ ᠢᠷᠡᠭᠡᠳᠦᠢ ᠶᠢᠨ ᠬᠥᠭᠵᠢᠯᠲᠡ ᠶᠢᠨ ᠰᠡᠳᠬᠢᠮᠵᠢ ᠶᠢ ᠨᠠᠷᠢᠨ ᠣᠶᠢᠯᠠᠭᠠᠵᠤ᠂ | ᠨᠠᠮ ᠤᠨ ᠡᠭᠦᠷ ᠠᠴᠠ ᠬᠤᠷᠰᠢᠶ᠎ᠠ ᠶᠢᠨ ᠡᠵᠡᠩᠨᠡᠯᠲᠡ ᠶᠢᠨ ᠵᠠᠭᠪᠤᠷ ᠢ ᠳᠠᠭᠠᠭᠤᠯᠤᠨ ᠡᠷᠭᠢᠯᠡᠬᠦ᠂ ᠡᠭᠦᠯᠳᠡᠷ | ᠰᠠᠶᠢᠵᠢᠷᠠᠭᠤᠯᠬᠤ᠂ ᠦᠬᠡᠷ ᠢ ᠨᠠᠷᠢᠯᠢᠭ ᠪᠣᠷᠳᠣᠵᠤ ᠲᠠᠷᠭᠤᠯᠠᠭᠤᠯᠬᠤ ᠵᠢᠴᠢ ᠴᠠᠭᠠᠨ ᠢᠳᠡᠭᠡᠨ ᠤ ᠠᠵᠤ ᠦᠢᠯᠡᠰ ᠤᠨ | ᠬᠥᠭᠵᠢᠯᠲᠡ ᠵᠡᠷᠭᠡ ᠲᠠᠯ᠎ᠠ ᠶᠢᠨ ᠲᠤᠷᠰᠢᠯᠭ᠎ᠠ ᠪᠠ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠪᠠ᠃ | | ᠰᠢᠨᠵᠢᠯᠡᠨ ᠰᠤᠷᠤᠯᠴᠠᠵᠦ ᠳᠠᠭᠤᠰᠤᠭᠰᠠᠨ ᠤ ᠳᠠᠷᠠᠭ᠎ᠠ ᠰᠠᠭᠤᠳᠠᠯ ᠤᠨ ᠬᠤᠷᠠᠯ ᠬᠢᠵᠦ᠂ ᠰᠢᠨᠵᠢᠯᠡᠨ ᠰᠤᠷᠤᠯᠴᠠᠬᠤ | ᠶᠠᠪᠤᠴᠠ ᠳᠠᠬᠢ ᠤᠯᠤᠯᠳᠠ ᠪᠠᠨ ᠰᠣᠯᠢᠯᠴᠠᠨ ᠶᠠᠷᠢᠯᠴᠠᠪᠠ᠃ ᠬᠤᠷᠠᠯ ᠳᠡᠭᠡᠷ᠎ᠡ᠂ ᠤᠯᠠᠨ ᠢᠶᠠᠷ ᠢᠶᠠᠨ ᠰᠢᠨᠵᠢᠯᠡᠬᠦ | ᠤᠬᠠᠭᠠᠨᠴᠢ ᠪᠠᠷ ᠲᠡᠵᠢᠭᠡᠨ ᠦᠷᠡᠵᠢᠭᠦᠯᠬᠦ᠂ ᠡᠭᠦᠯᠳᠡᠷ ᠰᠠᠶᠢᠵᠢᠷᠠᠭᠤᠯᠬᠤ᠂ ᠬᠢᠵᠢᠭ ᠢ ᠰᠡᠷᠭᠡᠶᠢᠯᠡᠬᠦ ᠵᠡᠷᠭᠡ ᠲᠠᠯ᠎ᠠ ᠪᠠᠷ | ᠲᠠᠨᠢᠯᠲᠠ ᠦᠵᠡᠯᠲᠡ ᠪᠠᠨ ᠶᠠᠷᠢᠵᠤ᠂ ᠦᠨᠡᠭᠡᠴᠢ ᠰᠤᠮᠤᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠠᠷᠭ᠎ᠠ | ᠤᠬᠠᠭᠠᠨ ᠡᠷᠭᠦᠪᠡ᠃ ᠬᠤᠷᠠᠯ ᠠᠴᠠ᠂ ᠰᠤᠮᠤ ᠶᠢᠨ ᠣᠳᠣᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ | ᠪᠠᠶᠢᠳᠠᠯ ᠢ ᠭᠦᠢᠴᠡᠳ ᠲᠠᠨᠢᠵᠤ᠂ ᠦᠬᠡᠷ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠪᠠᠷ ᠭᠤᠣᠯᠳᠠᠯᠭ᠎ᠠ ᠲᠠᠢ ᠠᠵᠢᠯ ᠤᠨ ᠬᠠᠷᠠᠯᠲᠠ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ | ᠬᠤᠪᠢᠷᠠᠭᠤᠯᠬᠤ ᠬᠡᠷᠡᠭᠲᠡᠢ︔ ᠦᠬᠡᠷ ᠲᠡᠵᠢᠭᠡᠬᠦ ᠶᠢ ︽ᠲᠤᠭ᠎ᠠ ᠬᠡᠮᠵᠢᠶᠡᠵᠢᠭᠦᠯᠵᠦ︾ ᠪᠠᠶᠢᠭᠰᠠᠨ ᠠᠴᠠ ︽ | ᠰᠢᠯᠢᠳᠡᠭᠵᠢᠬᠦᠯᠬᠦ︾ ᠪᠣᠯᠭᠠᠨ ᠬᠤᠪᠢᠷᠠᠭᠤᠯᠵᠤ᠂ ᠠᠷᠠᠳ ᠢᠷᠭᠡᠳ ᠤᠨ ︽ᠪᠠᠭ᠎ᠠ ᠬᠡᠪᠴᠢᠶ᠎ᠡ ᠪᠠᠷ︾ ᠲᠡᠵᠢᠭᠡᠨ | ᠦᠷᠡᠵᠢᠭᠦᠯᠵᠦ ᠪᠠᠶᠢᠭᠰᠠᠨ ᠠᠴᠠ ᠰᠤᠮᠤᠨ ᠤ ︽ᠶᠡᠭᠡ ᠬᠡᠪᠴᠢᠶ᠎ᠡ ᠪᠠᠷ︾ ᠲᠡᠵᠢᠭᠡᠨ ᠦᠷᠡᠵᠢᠭᠦᠯᠬᠦ ᠪᠤᠯᠭᠠᠨ | ᠲᠡᠭᠡᠭᠰᠢᠯᠡᠭᠦᠯᠤᠨ᠎ᠡ︔ ᠡᠭᠦᠯᠳᠡᠷ ᠰᠠᠶᠢᠵᠢᠷᠠᠭᠤᠯᠬᠤ ᠮᠡᠷᠭᠡᠵᠢᠯ ᠢ ᠳᠡᠭᠡᠭᠰᠢᠯᠡᠭᠦᠯᠵᠦ᠂ ᠨᠢᠭᠡ ᠪᠦᠯᠦᠭ ᠦᠨᠡᠨ ᠬᠦ ᠰᠠᠶᠢᠨ | ᠬᠢᠬᠦ ᠰᠠᠨᠠᠭ᠎ᠠ ᠲᠠᠢ᠂ ᠰᠠᠶᠢᠨ ᠬᠢᠵᠦ ᠴᠢᠳᠠᠳᠠᠭ ᠡᠭᠦᠯᠳᠡᠷ ᠰᠠᠶᠢᠵᠢᠷᠠᠭᠤᠯᠬᠤ ᠮᠡᠷᠭᠡᠵᠢᠯ ᠤᠨ ᠠᠵᠢᠯᠲᠠᠨ ᠢ | ᠭᠤᠣᠯᠳᠠᠯᠭ᠎ᠠ ᠲᠠᠢ ᠬᠥᠮᠥᠵᠢᠭᠦᠯᠵᠦ᠂ ᠠᠷᠠᠳ ᠤᠯᠠᠨ ᠳᠤ ᠡᠭᠦᠯᠳᠡᠷ ᠰᠠᠶᠢᠵᠢᠷᠠᠭᠤᠯᠬᠤ ᠦᠢᠯᠡᠴᠢᠯᠡᠭᠡ ᠬᠠᠩᠭᠠᠨ᠎ᠠ︔ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠳᠡᠭᠡᠭᠰᠢᠯᠡᠭᠦᠯᠦᠨ᠂ ᠦᠬᠡᠷ ᠤᠨ ᠠᠵᠤ ᠦᠢᠯᠡᠰ ᠢ ᠲᠡᠳᠬᠦᠬᠦ | ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠥᠷᠭᠡᠨ ᠣᠯᠠᠨ | ᠲᠦᠮᠡᠨ ᠤ ᠦᠬᠡᠷ ᠲᠡᠵᠢᠭᠡᠬᠦ ᠢᠳᠡᠪᠬᠢᠵᠢᠯ ᠢ ᠲᠡᠭᠡᠭᠰᠢᠯᠡᠭᠦᠯᠬᠦ ᠬᠡᠷᠡᠭᠳᠠᠢ ᠭᠡᠪᠡ᠃ | |