ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠣᠭᠲᠠᠭᠠᠯ ᠢ ᠲᠥᠪᠯᠡᠷᠡᠭᠦᠯᠦᠨ | ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ | ᠲᠥᠯᠥᠭᠡ᠂ ᠣᠶᠢᠷ᠎ᠠ ᠳᠤ᠂ ᠴᠢᠨᠳᠠᠮᠤᠨᠢ ᠰᠤᠮᠤ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠢᠶᠠᠨ ᠵᠤᠬᠢᠶᠠᠨ | ᠪᠠᠶᠢᠭᠤᠯᠵᠦ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠳᠤ ᠣᠷᠣᠭᠤᠯᠬᠤ︾ | ᠠᠵᠢᠯᠯᠠᠭ᠎ᠠ ᠲᠠᠢ ᠤᠶᠠᠯᠳᠤᠭᠤᠯᠤᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠪᠠᠷ | ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ | ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ᠂ ᠰᠦᠯᠵᠢᠶ᠎ᠡ ᠪᠠᠷ ᠤᠬᠠᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ | ᠂ ᠬᠢᠯᠪᠠᠷ ᠣᠶᠢᠯᠠᠭᠠᠮᠵᠢᠲᠠᠢ ᠦᠭᠡ ᠬᠡᠯᠡᠯᠭᠡ ᠪᠠ ᠰᠤᠷᠭᠠᠨ ᠬᠥᠮᠦᠵᠢᠯ ᠢ ᠪᠠᠶᠠᠷ ᠴᠡᠩᠭᠡᠯ ᠳᠤ ᠠᠬᠤᠭᠤᠯᠬᠤ | ᠬᠡᠯᠪᠡᠷᠢ ᠪᠠᠷ ᠣᠯᠠᠨ ᠵᠦᠢᠯ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠣᠭᠲᠠᠭᠠᠯ ᠢ ᠤᠬᠠᠭᠤᠯᠪᠠ᠃ | ᠠᠵᠢᠯᠯᠠᠭ᠎ᠠ ᠶᠢᠨ ᠳᠤᠮᠳᠠ᠂ ᠨᠡᠶᠢᠲᠡ 20 ᠵᠤᠷᠪᠤᠰ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠵᠦ᠂ 1000 | ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 3 ᠲᠠᠯᠠᠪᠤᠷ ᠲᠥᠷᠥ ᠶᠢᠨ ᠪᠣᠳᠣᠯᠭ᠎ᠠ ᠶᠢᠨ | ᠤᠬᠠᠭᠤᠯᠤᠨ ᠲᠠᠶᠢᠯᠪᠤᠷᠢᠯᠠᠯᠲᠠ ᠬᠢᠵᠦ᠂ 20 ᠭᠠᠷᠤᠢ ᠵᠤᠷᠪᠤᠰ ᠰᠦᠯᠵᠢᠶᠡᠨ ᠢᠶᠠᠷ ᠤᠬᠠᠭᠤᠯᠭ᠎ᠠ ᠬᠢᠪᠡ᠃ | |