ᠵᠠᠷᠤᠳ ᠬᠤᠰᠢᠭᠤ ︽ᠭᠡᠭᠡᠨ ᠰᠠᠷᠠᠭᠤᠯ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2022/5/24
    5 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤ ︽ᠭᠡᠭᠡᠨ ᠰᠠᠷᠠᠭᠤᠯ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠢᠪᠡ᠃ ᠬᠤᠷᠠᠯ ᠤᠨ ᠭᠤᠣᠯ ᠡᠭᠦᠷᠭᠡ ᠪᠣᠯ ︽ᠭᠡᠭᠡᠨ ᠰᠠᠷᠠᠭᠤᠯ ᠢᠨᠵᠧᠨᠧᠷᠢᠩ︾  ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠳᠤ ᠵᠠᠳᠠᠯᠤᠯᠲᠠ ᠬᠢᠵᠦ᠂ ᠳᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠴᠢᠨᠠᠷ ᠰᠠᠶᠢᠲᠠᠢ ᠪᠡᠶᠡᠯᠡᠭᠦᠯᠬᠦ ᠶᠢ ᠲᠦᠷᠭᠡᠳᠬᠡᠨ ᠠᠬᠢᠭᠤᠯᠤᠨ᠎ᠠ᠃ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
    ᠮᠦ ᠲᠢᠶᠧ ᠮᠢᠨ ᠵᠢᠭᠠᠪᠤᠷᠢᠯᠠᠭᠰᠠᠨ ᠨᠢ᠂ ︽ᠭᠡᠭᠡᠨ ᠰᠠᠷᠠᠭᠤᠯ ᠢᠨᠵᠧᠨᠧᠷᠢᠩ︾ ᠪᠣᠯ ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠤᠭᠤᠳᠬᠤ ᠲᠠᠪᠴᠠᠩ ᠪᠣᠯᠭᠠᠵᠤ᠂ ᠶᠡᠷᠦᠩᠬᠡᠶᠢᠯᠡᠨ ᠵᠠᠰᠠᠬᠤ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠯ ᠪᠣᠯᠭᠠᠵᠤ᠂ ᠲᠤᠤᠷ ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠦᠯᠵᠢᠶ᠎ᠠ ᠪᠠᠷ ᠭᠤᠣᠯᠳᠠᠯᠭ᠎ᠠ ᠪᠣᠯᠭᠠᠭᠰᠠᠨ ᠣᠯᠠᠨ ᠲᠦᠮᠡᠨᠴᠢ ᠴᠢᠨᠠᠷᠲᠠᠢ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠢᠨᠵᠧᠨᠧᠷᠢᠩ ᠮᠥᠨ᠂ ᠪᠥᠬᠦ ᠬᠤᠰᠢᠭᠤᠨ ᠤ ᠴᠢᠨᠠᠷᠲᠠᠢ ᠨᠢᠭᠡ ᠵᠦᠢᠯ ᠤᠨ ᠠᠵᠢᠯ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠪᠣᠯᠣᠨ ᠪᠦᠬᠦ ᠲᠠᠯ᠎ᠠ ᠶᠢᠨ ᠦᠵᠡᠯᠲᠡ ᠪᠠᠨ ᠦᠷᠭᠦᠯᠵᠢᠯᠡᠨ ᠴᠢᠩᠭᠠᠳᠬᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠪᠣᠳᠠᠲᠠᠢ ᠠᠵᠢᠯ ᠤᠨ ᠳᠤᠮᠳᠠ ᠪᠠᠨ ᠨᠡᠪᠳᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠵᠢᠯ ᠤᠨ ᠬᠠᠮᠲᠤᠷᠠᠯ ᠬᠦᠴᠦᠨ ᠢ ᠦᠨᠡᠨᠬᠦ ᠪᠦᠷᠢᠯᠳᠦᠭᠦᠯᠬᠦ ᠬᠡᠷᠡᠭᠲᠡᠢ᠃ ᠡᠯ᠎ᠡ ᠰᠤᠮᠤ ᠪᠠᠯᠭᠠᠰᠤ ᠲᠠᠯᠠᠪᠠᠶ ᠶᠢᠨ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠬᠤᠪᠢᠶᠠᠷᠢ ᠲᠠᠯᠠᠪᠠᠶ ᠪᠣᠯᠣᠨ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠤᠨ ᠲᠣᠰ ᠵᠦᠢᠯ ᠤᠨ ᠠᠵᠢᠯ ᠳᠤ ᠢᠳᠡᠪᠬᠢᠲᠡᠢ ᠣᠷᠣᠯᠴᠠᠭᠤᠯᠵᠤ᠂  ᠱᠤᠶᠢᠨᠢ ᠪᠠᠭᠠᠨ᠎ᠠ᠂ ᠬᠤᠭᠤᠯᠠᠢ ᠤᠲᠠᠰᠤ ᠵᠡᠷᠭᠡ ᠲᠥᠬᠦᠭᠡᠷᠦᠮᠵᠢ ᠮᠠᠲ᠋ᠧᠷᠢᠶᠠᠯ ᠢ ᠴᠠᠭ ᠲᠤᠬᠠᠢ ᠳᠤᠨᠢ ᠪᠣᠳᠠᠲᠠᠢ ᠴᠢᠭ᠋ ᠪᠠᠶᠢᠷᠢᠨ ᠳᠤ ᠲᠡᠭᠡᠭᠡᠪᠦᠷᠢᠯᠡᠨ ᠬᠦᠷᠭᠡᠵᠦ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠲᠤ ᠪᠠᠷᠢᠯᠭ᠎ᠠ ᠶᠢᠨ ᠠᠬᠢᠴᠠ ᠶᠢ ᠬᠠᠷᠰᠢᠯᠠᠬᠤ ᠦᠶᠯᠡ ᠠᠵᠢᠯᠯᠠᠭ᠎ᠠ ᠶᠠᠭᠠᠬᠢᠭᠰᠠᠨ ᠴᠤ ᠭᠠᠷᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠪᠠᠷᠢᠯᠭ᠎ᠠ ᠶᠢᠨ ᠠᠬᠢᠴᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠬᠠᠷᠰᠢᠯᠠᠵᠦ ᠪᠠᠶᠢᠭ᠎ᠠ ᠠᠰᠠᠭᠤᠳᠠᠯ ᠢ ᠤᠷᠢᠳᠴᠢᠯᠠᠨ ᠰᠢᠢᠳᠪᠦᠷᠢᠯᠡᠵᠦ᠂ ᠪᠠᠷᠢᠯᠭ᠎ᠠ ᠶᠢ ᠠᠬᠢᠭᠤᠯᠬᠤ ᠳᠤ ᠶᠠᠮᠠᠷ ᠴᠤ ᠬᠠᠷᠰᠢ ᠰᠠᠭᠠᠳ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠤᠪᠢᠳᠠᠨ ᠬᠠᠮᠢᠶᠠᠷᠴᠤ ᠪᠦᠬᠦᠢ ᠬᠦᠷᠢᠶ᠎ᠡ ᠴᠠᠷᠠᠭ᠎ᠠ ᠶᠢᠨ ᠢᠶᠠᠨ ᠠᠵᠢᠯ ᠲᠥᠷᠥᠯ ᠤᠨ ᠪᠠᠷᠢᠯᠭ᠎ᠠ ᠪᠠᠷᠢᠬᠤ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠬᠢᠨᠠᠨ ᠬᠠᠮᠢᠶᠠᠷᠬᠤ ᠪᠠ ᠵᠢᠯᠤᠭᠤᠳᠬᠤ ᠠᠵᠢᠯ ᠢ ᠰᠠᠶᠢᠲᠤᠷ ᠬᠢᠵᠦ᠂ ᠬᠠᠷᠢᠶ᠎ᠠ ᠭᠠᠵᠠᠷ ᠲᠠᠢ ᠪᠠᠨ ᠢᠳᠡᠪᠬᠢᠲᠡᠢ ᠬᠠᠮᠵᠢᠯᠴᠠᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ ᠡᠯ᠎ᠡ ᠪᠠᠷᠢᠯᠭ᠎ᠠ ᠶᠢᠨ ᠨᠢᠭᠡᠴᠡ ᠶᠢᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ︽ᠭᠡᠭᠡᠨ ᠰᠠᠷᠠᠭᠤᠯ ᠢᠨᠵᠧᠨᠧᠷᠢᠩ︾ ᠢ ᠪᠠᠶᠢᠭᠤᠯᠬᠤ ᠨᠢ ᠬᠠᠷᠢᠴᠠᠩᠭᠤᠢ ᠲᠦᠭᠦᠮ ᠭᠡᠳ ᠮᠢᠨᠴᠦᠭᠦᠷᠡᠨ ᠲᠠᠶᠢᠪᠤᠰᠢᠷᠠᠬᠤ  ᠶᠢ ᠰᠡᠷᠭᠡᠶᠢᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠪᠠᠶᠢᠴᠠᠭᠠᠵᠤ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠪᠡ᠃
   ᠬᠤᠷᠠᠯ ᠳᠡᠭᠡᠷ᠎ᠡ᠂ ᠬᠠᠢ ᠰᠢᠨ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ ᠬᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠭᠰᠡᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠪᠡ︔ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ ︽ᠭᠡᠭᠡᠨ ᠰᠠᠷᠠᠭᠤᠯ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ᠂ ᠰᠢᠢᠳᠪᠦᠷᠢᠯᠡᠬᠦ ᠠᠷᠭ᠎ᠠ ᠵᠢᠴᠢ ᠬᠤᠰᠢᠭᠤᠨ ᠲᠠᠰ ᠤᠨ ᠬᠠᠮᠵᠢᠯᠴᠠᠨ ᠰᠢᠢᠳᠪᠦᠷᠢᠯᠡᠬᠦ ᠴᠢᠬᠤᠯᠠᠲᠠᠢ ᠵᠦᠢᠯᠡᠰ ᠢ ᠬᠠᠷᠢᠭᠤ ᠮᠡᠳᠡᠭᠦᠯᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号