ᠵᠠᠷᠤᠳ ᠬᠤᠰᠢᠭᠤ ᠪᠥᠬᠦ ᠬᠤᠰᠢᠭᠤᠨ ᠤ ︽ᠬᠤᠶᠠᠷ ᠢ ᠲᠠᠰᠢᠷᠠᠮ ᠢᠶᠠᠷ ᠰᠣᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠵᠢᠴᠢ ᠠᠵᠤ ᠠᠬᠤᠶᠢᠯᠠᠯ ᠲᠠᠢ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ ᠪᠠ ᠬᠠᠮᠲᠤ ᠪᠠᠷ ᠡᠳ᠋ᠯᠡᠬᠦ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/5/24
   5 ᠰᠠᠷ᠎ᠠ ᠶᠢᠨ 20 ᠤ ᠡᠳᠦᠷ᠂ ᠵᠠᠷᠤᠳ ᠬᠤᠰᠢᠭᠤ ᠪᠥᠬᠦ ᠬᠤᠰᠢᠭᠤᠨ ᠤ ︽ᠬᠤᠶᠠᠷ ᠢ ᠲᠠᠰᠢᠷᠠᠮ ᠢᠶᠠᠷ ᠰᠣᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠵᠢᠴᠢ ᠠᠵᠤ ᠠᠬᠤᠶᠢᠯᠠᠯ ᠲᠠᠢ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ ᠪᠠ ᠬᠠᠮᠲᠤ ᠪᠠᠷ ᠡᠳ᠋ᠯᠡᠬᠦ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠬᠤᠷᠠᠯ ᠳᠤ ᠣᠷᠣᠯᠴᠠᠵᠤ᠂ ᠬᠤᠰᠢᠭᠤᠨ ᠤ ︽ᠬᠤᠶᠠᠷ ᠢ ᠲᠠᠰᠢᠷᠠᠮ ᠢᠶᠠᠷ ᠰᠣᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠠᠵᠤ ᠠᠬᠤᠶᠢᠯᠠᠯ ᠲᠠᠢ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ ᠪᠠ ᠬᠠᠮᠲᠤ ᠪᠠᠷ ᠡᠳ᠋ᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠪᠣᠳᠠᠲᠠᠢ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠬᠤᠷᠠᠯ ᠳᠤ  ᠣᠷᠣᠯᠴᠠᠪᠠ᠃
   ᠳ᠋ᠢᠩ ᡁᠢ ᠭᠠᠩ ᠵᠢᠭᠠᠪᠣᠷᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ︽ᠬᠤᠶᠠᠷ ᠢ ᠲᠠᠰᠢᠷᠠᠮ ᠢᠶᠠᠷ ᠰᠣᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠠᠵᠤ ᠠᠬᠤᠶᠢᠯᠠᠯ ᠲᠠᠢ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠣᠳᠤᠯ ᠢᠶᠠᠨ ᠴᠢᠩᠭᠠᠳᠬᠠᠵᠤ᠂ ︽ᠬᠤᠶᠠᠷ ᠢ ᠲᠠᠰᠢᠷᠠᠮ ᠢᠶᠠᠷ ᠰᠣᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠡᠷᠬᠡ ᠰᠦᠷᠲᠦ ᠴᠢᠨᠠᠷ᠂ ᠲᠥᠪ ᠭᠤᠥᠯᠴᠢ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ︽ᠬᠤᠶᠠᠷ ᠢ ᠲᠠᠰᠢᠷᠠᠮ ᠢᠶᠠᠷ ᠰᠣᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠣᠰᠣᠭᠠᠷ᠂ ᠬᠠᠤᠯᠢ ᠬᠡᠷᠡᠭᠵᠢᠭᠦᠯᠬᠦ ᠠᠵᠢᠯᠯᠠᠭ᠎ᠠ ᠪᠠᠨ ᠪᠦᠲᠦᠮᠵᠢᠲᠡᠶ ᠵᠢᠷᠤᠮᠵᠢᠭᠤᠯᠵᠤ᠂ ︽ᠨᠢᠭᠡ ᠤᠳᠠᠭ᠎ᠠ ᠣᠴᠢᠪᠠᠯ᠂ ᠣᠯᠠᠨ ᠵᠦᠢᠯ ᠤᠨ ᠤᠴᠢᠷ ᠶᠠᠪᠤᠳᠠᠯ ᠢ ᠪᠠᠶᠢᠴᠠᠭᠠᠬᠤ︾ ᠳᠤ ᠦᠨᠡᠨᠬᠦ ᠪᠡᠶᠡᠯᠡᠭᠦᠯᠵᠦ᠂ ᠬᠡᠲᠦ ᠣᠯᠠᠨ ᠪᠠᠶᠢᠴᠠᠭᠠᠭᠰᠠᠨ ᠠᠴᠠ ᠪᠣᠯᠵᠤ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠬᠠᠷᠰᠢᠯᠠᠬᠤ ᠠᠴᠠ ᠵᠠᠶᠢᠯᠠᠰᠭᠢᠵᠤ᠂ ᠠᠵᠤ ᠠᠬᠤᠶᠢᠯᠠᠯ ᠤᠨ ᠡᠵᠡᠩᠨᠡᠯᠲᠡ ᠪᠠ ᠬᠥᠭᠵᠢᠯᠲᠡ ᠳᠤ ᠠᠭᠤᠵᠢᠭᠤ ᠲᠠᠯᠪᠢᠭᠤ᠂ ᠲᠥᠪ ᠭᠤᠥᠯᠴᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ᠃ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢᠶᠠᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠦᠨᠡᠨ ᠬᠦ ᠬᠤᠪᠢᠷᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠡᠷᠬᠡ ᠲᠡᠭᠰᠢ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠲᠠᠢ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ ᠪᠠ ᠬᠠᠮᠲᠤᠪᠠᠷ ᠡᠳ᠋ᠯᠡᠬᠦ ᠠᠵᠢᠯ ᠢ ᠠᠬᠢᠭᠤᠯᠵᠤ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ ᠪᠠᠷ ᠥᠪᠡᠷ ᠢ ᠪᠠᠨ ᠱᠠᠭᠠᠷᠳᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠢᠲᠡᠭᠡᠮᠵᠢ ᠠᠯᠳᠠᠬᠤ ᠶᠢ ᠬᠢᠵᠠᠭᠠᠷᠯᠠᠬᠤ ᠶᠢ ᠴᠢᠩᠭᠠᠳᠬᠠᠬᠤ ᠬᠡᠷᠡᠭᠲᠡᠢ ᠭᠡᠪᠡ᠃
   ᠳ᠋ᠢᠩ ᡁᠢ ᠭᠠᠩ ᠱᠠᠭᠠᠷᠳᠠᠭᠰᠠᠨ ᠨᠢ᠂ ︽ᠬᠤᠶᠠᠷ ᠢ ᠲᠠᠰᠢᠷᠠᠮ ᠢᠶᠠᠷ ᠰᠣᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠵᠢᠴᠢ ᠠᠵᠤ ᠠᠬᠤᠶᠢᠯᠠᠯ ᠲᠠᠢ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ ᠪᠠ ᠬᠠᠮᠲᠤ ᠪᠠᠷ ᠡᠳ᠋ᠯᠡᠬᠦ ᠠᠵᠢᠯ ᠤᠨ ᠬᠠᠷᠠᠯᠲᠠᠲᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠵᠢᠯ ᠤᠨ ᠵᠣᠬᠢᠴᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠨᠠᠶᠢᠲᠠᠪᠣᠷᠢᠵᠢᠭᠤᠯᠣᠨ ᠲᠣᠳᠣᠷᠬᠠᠶᠢᠯᠠᠵᠤ᠂ ᠲᠤᠰᠬᠠᠢ ᠠᠵᠢᠯ ᠤᠨ ᠪᠠᠶᠢᠷᠢ ᠳᠤ ᠲᠤᠰᠬᠠᠢ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠵᠤ᠂ ᠪᠣᠳᠠᠲᠠᠢ ᠠᠷᠭ᠎ᠠ ᠬᠡᠮᠵᠢᠶ᠎ᠡ ᠲᠣᠭᠲᠠᠭᠠᠨ᠂ ᠦᠪᠡᠷ ᠦᠪᠡᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠬᠡᠷᠡᠭᠲᠡᠢ ᠃ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ ᠥᠷᠨᠢᠭᠦᠯᠵᠦ᠂ ᠬᠢᠨᠠᠯᠲᠠ ᠬᠠᠮᠢᠶᠠᠷᠤᠯᠲᠠ ᠶᠢᠨ ᠡᠬᠢ ᠪᠠᠶᠠᠯᠢᠭ ᠢᠶᠠᠨ ᠰᠠᠶᠢᠲᠤᠷ ᠬᠡᠷᠡᠭᠯᠡᠵᠦ᠂ ᠵᠣᠷᠢᠭᠤᠳᠠ ᠨᠥᠯᠥᠭᠡᠯᠡᠬᠦ ᠶᠢ ᠬᠤᠷᠢᠭᠯᠠᠵᠤ᠂ ᠬᠢᠨᠠᠯᠲᠠ ᠬᠠᠮᠢᠶᠠᠷᠤᠯᠲᠠ ᠶᠢᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ︽ᠬᠤᠯᠪᠣᠭᠠᠯᠠᠵᠤ ᠪᠣᠯᠬᠤ ᠪᠦᠬᠦᠨ  ᠲᠠᠢ ᠬᠤᠯᠪᠣᠭᠠᠯᠠᠭᠤᠯᠬᠤ᠂ ᠬᠤᠯᠪᠣᠭᠠᠯᠠᠪᠠᠯ ᠵᠣᠬᠢᠬᠤ ᠪᠦᠬᠦᠨ ᠲᠠᠢ ᠵᠠᠪᠠᠯ ᠬᠤᠯᠪᠣᠭᠠᠯᠠᠭᠤᠯᠬᠤ︾ ᠵᠠᠷᠴᠢᠮ ᠢ ᠪᠠᠷᠢᠮᠲᠠᠯᠠᠵᠤ᠂ ᠤᠯᠠᠨ ᠲᠦᠮᠡᠨ ᠤ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠳᠤ ᠰᠢᠭᠤᠳ ᠬᠤᠯᠪᠣᠭᠳᠠᠬᠤ ᠭᠤᠣᠯᠳᠠᠯᠭ᠎ᠠ ᠲᠠᠢ ᠬᠦᠷᠢᠶ᠎ᠡ ᠳᠤ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠨ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠭᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠬᠤ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢᠶᠠᠨ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢ ᠬᠦᠴᠦᠯᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠰᠠᠶᠢᠲᠤᠷ ᠠᠳᠬᠤᠵᠤ᠂ ︽ᠬᠤᠶᠠᠷ ᠢ ᠲᠠᠰᠢᠷᠠᠮ ᠢᠶᠠᠷ ᠰᠣᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠯᠤᠭ᠎ᠠ ᠣᠷᠭᠠᠨᠢᠭ ᠢᠶᠠᠷ ᠠᠭᠤᠰᠤᠯᠴᠠᠬᠤ ᠶᠢ ᠪᠡᠶᠡᠯᠡᠭᠦᠯᠵᠦ᠂ ᠬᠢᠨᠠᠨ ᠬᠠᠮᠢᠶᠠᠷᠤᠯᠲᠠ ᠶᠢᠨ ᠣᠨᠣᠴᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠬᠢᠨᠠᠨ ᠬᠠᠮᠢᠶᠠᠷᠤᠯᠲᠠ ᠪᠠᠷ ᠳᠠᠮᠵᠢᠨ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠳ ᠢ ︽ᠣᠷᠣᠬᠤ ᠭᠠᠵᠠᠷ ᠦᠭᠡᠢ ᠪᠣᠯᠭᠠᠵᠤ︾᠂ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠭᠴᠢᠳ ᠲᠤ ︽ᠤᠴᠢᠷ ᠦᠭᠡᠢ ᠪᠣᠯ ᠬᠠᠷᠰᠢᠯᠠᠬᠤ ᠦᠭᠡᠢ︾ ᠪᠣᠯᠭᠠᠬᠤ ᠬᠡᠷᠡᠭᠲᠡᠢ ᠭᠡᠪᠡ᠃
   ᠳ᠋ᠢᠩ ᡁᠢ ᠭᠠᠩ ᠴᠢᠬᠤᠯᠠᠴᠢᠯᠠᠭᠰᠠᠨ ᠨᠢ᠂ ︽ᠬᠤᠶᠠᠷ ᠢ ᠲᠠᠰᠢᠷᠠᠮ ᠢᠶᠠᠷ ᠰᠣᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠠᠵᠤ ᠠᠬᠤᠶᠢᠯᠠᠯ ᠲᠠᠢ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ ᠪᠠ ᠬᠠᠮᠲᠤ ᠪᠠᠷ ᠡᠳ᠋ᠯᠡᠬᠦ ᠠᠵᠢᠯ ᠢ ᠰᠠᠶᠢᠲᠤᠷ ᠬᠢᠬᠦ ᠳᠤ ᠴᠠᠭ ᠪᠠᠴᠢᠮ᠂ ᠡᠭᠦᠷᠭᠡ ᠬᠦᠨᠳᠦ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠢ ᠲᠠᠰᠢᠷᠠᠮ ᠢᠶᠠᠷ ᠰᠣᠭᠤᠴᠢᠵᠤ ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠠᠵᠤ ᠠᠬᠤᠶᠢᠯᠠᠯ ᠲᠠᠢ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ ᠪᠠ ᠬᠠᠮᠲᠤ ᠪᠠᠷ ᠡᠳ᠋ᠯᠡᠬᠦ ᠠᠵᠢᠯ ᠢ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠭᠠᠵᠤ᠂ ᠨᠠᠩ ᠲᠣᠪᠣᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃ ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠵᠤ᠂ ᠡᠨᠡᠬᠦ ᠠᠵᠢᠯ ᠢ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠱᠠᠭᠠᠷᠳᠠᠨ ᠪᠠᠶᠢᠴᠠᠭᠠᠬᠤ ᠪᠠ ᠵᠢᠯ ᠤᠨ ᠡᠴᠦᠰ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠰᠢᠰᠲ᠋ᠧᠮ ᠳᠤ ᠣᠷᠣᠭᠤᠯᠬᠤ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠱᠠᠭᠠᠷᠳᠠᠨ ᠪᠠᠶᠢᠴᠠᠭᠠᠬᠤ᠂ ᠰᠢᠯᠭᠠᠨ ᠦᠨᠡᠯᠡᠬᠦ ᠶᠢ ᠶᠠᠪᠣᠭᠳᠠᠭᠤᠯᠬᠤ ᠬᠡᠷᠡᠭᠲᠡᠢ᠃ ᠠᠰᠠᠭᠤᠳᠠᠯ ᠪᠠᠶᠢᠪᠠᠯ ᠴᠢᠩᠭ᠎ᠠ ᠨᠡᠬᠡᠮᠵᠢᠯᠡᠵᠦ᠂ ᠠᠵᠢᠯ   ᠢ ᠬᠦᠴᠦᠲᠡᠢ ᠥᠷᠨᠢᠭᠦᠯᠦᠭᠰᠡᠨ ᠦᠭᠡᠢ ᠰᠠᠯᠠᠭ᠎ᠠ ᠮᠥᠴᠢᠷ ᠬᠢᠨ ᠢ ᠬᠤᠰᠢᠭᠤᠨ ᠵᠠᠰᠠᠭ ᠤᠨ ᠣᠷᠳᠣᠨ   ᠠᠴᠠ ᠪᠥᠬᠦ ᠬᠤᠰᠢᠭᠤᠨ ᠳᠤ ᠨᠡᠶᠢᠲᠡᠯᠡᠨ ᠰᠢᠭᠦᠮᠵᠢᠯᠡᠬᠦ ᠶᠢᠨ ᠬᠠᠮᠲᠤ ᠭᠤᠣᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ   ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠬᠢᠨ ᠠᠰᠠᠭᠤᠳᠠᠯ ᠢ ᠬᠤᠷᠢᠶᠠᠩᠭᠤᠶᠢᠯᠠᠵᠤ᠂ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ᠂ ᠠᠰᠠᠭᠤᠳᠠᠯ ᠪᠣᠯᠣᠨ ᠰᠢᠢᠳᠪᠦᠷᠢᠯᠡᠬᠦ ᠠᠷᠭ᠎ᠠ ᠶᠢ ᠴᠠᠭ ᠲᠤᠬᠠᠢ ᠳᠤᠨᠢ ᠬᠤᠷᠢᠶᠠᠩᠭᠤᠶᠢᠯᠠᠬᠤ ᠶᠢ ᠠᠩᠬᠠᠷᠴᠤ᠂ ᠳᠠᠷᠠᠭᠠᠴᠢ ᠶᠢᠨ ᠱᠠᠲᠤᠨ ᠤ ᠪᠦᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠥᠷᠭᠡᠳᠬᠡᠬᠦ᠂ ᠬᠢᠨᠠᠯᠲᠠ ᠬᠠᠮᠢᠶᠠᠷᠤᠯᠲᠠ ᠶᠢᠨ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠬᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠰᠢᠯᠤᠭᠤᠳᠬᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠡᠯ᠎ᠡ ᠵᠦᠢᠯ ᠤᠨ ᠠᠵᠢᠯ ᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃
   ᠬᠤᠷᠠᠯ ᠠᠴᠠ ᠲᠦᠩᠯᠢᠶᠣᠣ ᠬᠤᠲᠠ ᠶᠢᠨ 2021 ᠣᠨ ᠤ ︽ᠬᠤᠶᠠᠷ ᠢ ᠲᠠᠰᠢᠷᠠᠮ ᠢᠶᠠᠷ ᠰᠣᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠠᠵᠤ ᠠᠬᠤᠶᠢᠯᠠᠯ ᠲᠠᠢ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ ᠪᠠ ᠬᠠᠮᠲᠤ ᠪᠠᠷ ᠡᠳ᠋ᠯᠡᠬᠦ ᠠᠵᠢᠯ ᠤᠨ ᠱᠠᠭᠠᠷᠳᠠᠨ ᠪᠠᠶᠢᠴᠠᠭᠠᠭᠰᠠᠨ ᠮᠡᠳᠡᠭᠡ ᠶᠢ ᠤᠯᠠᠮᠵᠢᠯᠠᠪᠠ︔ 2021 ᠣᠨ ᠤ ᠪᠦᠭᠦ ᠬᠤᠰᠢᠭᠤᠨ ᠤ ︽ᠬᠤᠶᠠᠷ ᠢ   ᠲᠠᠰᠢᠷᠠᠮ ᠢᠶᠠᠷ ᠰᠣᠭᠤᠴᠢᠵᠤ᠂ ᠨᠢᠭᠡ ᠶᠢ ᠢᠯᠠ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠠᠵᠤ ᠠᠬᠤᠶᠢᠯᠠᠯ ᠲᠠᠢ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ ᠪᠠ ᠬᠠᠮᠲᠤ ᠪᠠᠷ ᠡᠳ᠋ᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠵᠦ᠂ ᠵᠢᠴᠢ ᠡᠨᠡ ᠵᠢᠯ ᠤᠨ ᠠᠵᠢᠯ ᠢ ᠪᠠᠶᠢᠷᠢᠯᠠᠭᠤᠯᠪᠠ᠃ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ   ᠬᠢᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号