ᠵᠠᠷᠤᠳ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2022/5/24
     5 ᠰᠠᠷ᠎ᠠ ᠶᠢᠨ 22 ᠤᠨ ᠡᠳᠦᠷ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠡᠷᠭᠢᠯᠡᠭᠰᠡᠨ 11 ᠡᠳᠦᠷ ᠤᠨ ᠬᠤᠭᠤᠴᠠᠭ᠎ᠠ ᠲᠠᠢ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ᠵᠢᠷᠤᠬᠡ ᠪᠠᠯᠭᠠᠰᠤᠨ ᠳᠤ ᠲᠡᠭᠦᠰ ᠠᠮᠵᠢᠯᠲᠠ ᠲᠠᠢ ᠲᠡᠭᠦᠰᠪᠡ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠨᠡᠶᠢᠲᠡ 7 ᠬᠤᠭᠤᠴᠠᠭ᠎ᠠ ᠬᠤᠪᠢᠶᠠᠵᠤ᠂ ᠨᠡᠶᠢᠲᠡ 256 ᠬᠥᠮᠥᠨ ᠤᠷᠤᠯᠴᠠᠵᠦ᠂ ᠰᠢᠶᠠᠩᠱᠠᠨ ᠪᠠᠯᠭᠠᠰᠤ᠂ ᠰᠢᠶᠠᠩᠱᠠᠨ ᠲᠠᠷᠢᠶᠠᠯᠠᠩ ᠤᠨ ᠲᠠᠯᠠᠪᠠᠶ᠂ ᠴᠢᠪᠠᠭᠠᠳᠤ ᠰᠤᠮᠤ᠂  ᠦᠨᠡᠭᠡᠴᠢ ᠮᠠᠯᠵᠢᠯ ᠤᠨ ᠲᠠᠯᠠᠪᠠᠶ᠂ ᠦᠨᠡᠭᠡᠴᠢ ᠰᠤᠮᠤ᠂ ᠯᠦᠪᠧᠢ ᠪᠠᠯᠭᠠᠰᠤ᠂ ᠵᠢᠷᠤᠭᠡ ᠪᠠᠯᠭᠠᠰᠤᠨ ᠤ ᠰᠠᠨ ᠾᠧ ᠲᠣᠰᠬᠤᠨ ᠵᠡᠷᠭᠡ 7 ᠭᠠᠵᠠᠷ ᠲᠤ ᠪᠣᠯᠪᠠᠰᠤᠷᠠᠭᠤᠯᠤᠯ ᠶᠠᠪᠤᠭᠳᠠᠭᠤᠯᠪᠠ᠃ ᠲᠣᠰ ᠤᠳᠠᠭᠠᠨ ᠤ ᠠᠵᠢᠯᠯᠠᠭ᠎ᠠ ᠨᠢ ᠭᠤᠴᠢᠨ ᠬᠤᠶᠠᠳᠤᠭᠠᠷ ᠤᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠬᠤᠭᠤᠴᠠᠭᠠᠨ ᠳᠤ ᠶᠠᠪᠤᠭᠳᠠᠵᠤ᠂ ᠵᠡᠮᠳᠡᠭᠴᠦᠳ ᠤᠨ ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠣᠨᠣᠯ ᠤᠨ ᠮᠡᠳᠡᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠵᠡᠮᠳᠡᠭᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠰᠠᠭᠤᠷᠢ ᠲᠠᠯᠪᠢᠵᠤ ᠦᠭᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号