ᠵᠠᠷᠤᠳ ᠬᠤᠰᠢᠭᠤ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠴᠢᠯᠠᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠨᠠᠮ ᠤᠨ ᠬᠢᠴᠢᠶᠡᠯ ᠦᠷᠨᠢᠭᠦᠯᠪᠡ
ᠨᠡᠶᠢᠲᠡᠯᠡᠭᠰᠡᠨ ᠴᠠᠭ᠄
2022/5/24
   5 ᠰᠠᠷ᠎ᠠ ᠶᠢᠨ 20 ᠤ ᠡᠳᠦᠷ᠂ ᠵᠠᠷᠤᠳ ᠬᠤᠰᠢᠭᠤ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ  ᠪᠣᠯᠬᠢᠴᠢᠯᠠᠵᠤ ᠠᠷᠠᠯᠵᠢᠶᠠᠴᠢᠯᠠᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠨᠠᠮ ᠤᠨ ᠬᠢᠴᠢᠶᠡᠯ ᠦᠷᠨᠢᠭᠦᠯᠪᠡ᠃ ᠱᠣᠣ ᠶᠠᠨ ᠵᠢᠶᠦ᠋ᠨ᠂ ᠦ᠋  ᠴᠢᠩ ᠬᠠᠢ᠂ ᠯᠢᠦ ᠶᠦᠩ ᠵᠡᠷᠭᠡ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤ ᠲᠠᠯᠠᠪᠠᠢ ᠶᠢᠨ ᠨᠠᠮ ᠵᠠᠰᠠᠭ ᠤᠨ ᠵᠢᠩᠬᠢᠨᠢ ᠲᠤᠰᠢᠶᠠᠯᠲᠠᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠵᠢᠴᠢ ᠬᠤᠰᠢᠭᠤᠨ ᠤ ᠬᠠᠷᠢᠶ᠎ᠠ ᠡᠯ᠎ᠡ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠨᠡᠶᠢᠲᠡ 170 ᠭᠠᠷᠤᠢ ᠬᠦᠮᠦᠰ ᠬᠤᠷᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ   ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ ᠠᠴᠠ ᠬᠤᠷᠠᠯ ᠡᠷᠬᠢᠯᠡᠪᠡ᠃
   ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠬᠤᠷᠠᠯ ᠳᠡᠭᠡᠷ᠎ᠡ ᠵᠢᠭᠠᠪᠣᠷᠢᠯᠠᠭᠰᠠᠨ ᠨᠢ᠂ ᠤᠯᠤᠰ ᠲᠥᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠡᠯ᠎ᠡ ᠵᠦᠢᠯ ᠤᠨ ᠤᠯᠤᠰ ᠲᠥᠷᠦ ᠶᠢᠨ ᠠᠵᠢᠯᠯᠠᠭ᠎ᠠ ᠳᠤ ᠴᠢᠩᠭ᠎ᠠ ᠱᠠᠭᠠᠷᠳᠠᠯᠭ᠎ᠠ ᠲᠠᠯᠪᠢᠵᠤ᠂ ᠴᠢᠩᠭ᠎ᠠ ᠬᠠᠮᠢᠶᠠᠷᠴᠤ᠂ ᠴᠢᠩᠭ᠎ᠠ ᠬᠢᠨᠠᠯᠲᠠ ᠲᠠᠯᠪᠢᠬᠤ ᠬᠡᠷᠡᠭᠲᠡᠢ᠃ ᠬᠠᠮᠲᠤ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠴᠢᠩᠭ᠎ᠠ ᠬᠡᠷᠡᠭᠵᠢᠭᠦᠯᠵᠦ᠂ ᠠᠷᠠᠳᠴᠢᠯᠠᠯ ᠪᠠ ᠲᠥᠪᠯᠡᠷᠡᠯ᠂ ᠠᠵᠢᠯ ᠤᠨ ᠬᠤᠪᠢᠶᠠᠷᠢᠯᠠᠯ ᠪᠠ ᠬᠠᠮᠲᠤᠷᠠᠯᠴᠠᠭ᠎ᠠ᠂ ᠥᠪᠡᠷᠮᠢᠴᠡ ᠴᠢᠨᠠᠷ ᠪᠠ ᠨᠠᠮᠴᠢ ᠴᠢᠨᠠᠷ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠬᠡᠷᠡᠭ ᠵᠥᠪᠯᠡᠬᠦ ᠳᠦᠷᠢᠮ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠯᠠᠨ ᠲᠦᠮᠡᠨ ᠤ ᠠᠰᠢᠭ ᠲᠤᠰᠠ ᠶᠢ ᠡᠷᠬᠡ ᠪᠠᠨ ᠬᠡᠷᠡᠭᠵᠢᠭᠦᠯᠬᠦ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠶᠢ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠬᠠᠮᠤᠭ ᠤᠨ ᠳᠡᠭᠡᠳᠦ ᠪᠠᠷᠢᠮᠵᠢᠶ᠎ᠠ ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠯᠠᠨ ᠳᠤ ᠠᠰᠢᠭ ᠲᠤᠰᠠ ᠣᠯᠭᠤᠬᠤ ᠶᠢᠨ ᠲᠥᠯᠥᠭᠡ ᠠᠵᠢᠯᠯᠠᠵᠤ᠂ ᠤᠯᠠᠨ ᠲᠦᠮᠡᠨ ᠤ ᠠᠰᠢᠭ ᠲᠤᠰᠠ ᠶᠢ ᠦᠨᠡᠨᠬᠦ ᠰᠠᠶᠢᠲᠤᠷ ᠬᠠᠮᠠᠭᠠᠯᠠᠵᠤ ᠪᠠᠲᠤᠯᠠᠵᠤ ᠰᠠᠶᠢᠲᠤᠷ ᠪᠡᠶᠡᠯᠡᠭᠦᠯᠬᠦ ᠬᠡᠷᠡᠭᠲᠡᠢ᠃ ᠤᠯᠠᠨ ᠲᠦᠮᠡᠨ ᠤ ᠲᠠᠯ᠎ᠠ ᠳᠤ ᠪᠠᠲᠤ ᠵᠣᠭᠰᠣᠵᠤ᠂ ᠵᠥᠪ ᠣᠨᠣᠪᠴᠢᠲᠠᠢ ᠠᠯᠪᠠᠨ ᠠᠮᠵᠢᠯᠲᠠ ᠶᠢᠨ ᠦᠵᠡᠯᠲᠡ ᠶᠢ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠥᠯᠦᠪᠵᠢᠭᠦᠯᠭᠡ ᠲᠣᠭᠲᠠᠭᠠᠬᠤ ᠪᠦᠬᠦ ᠶᠠᠪᠤᠴᠠ ᠳᠤ ᠲᠤᠤᠱᠯᠠᠭᠤᠯᠵᠤ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠ ᠠᠵᠢᠯ ᠢᠶᠠᠨ ᠤᠯᠠᠨ ᠲᠦᠮᠡᠨ ᠲᠠᠢ ᠨᠡᠩ ᠣᠶᠢᠷᠠᠲᠤᠭᠤᠯᠬᠤ᠂ ᠨᠡᠩ ᠪᠣᠳᠠᠲᠠᠢ ᠦᠷ᠎ᠡ ᠪᠦᠲᠦᠮᠵᠢ ᠲᠠᠢ ᠪᠣᠯᠭᠠᠬᠤ᠂ ᠨᠡᠩ ᠢᠯᠡᠭᠦᠦ ᠬᠥᠮᠥᠰ ᠤᠨ ᠰᠡᠳᠬᠢᠯ ᠣᠯᠬᠤ ᠬᠡᠷᠡᠭᠲᠡᠢ ᠭᠡᠪᠡ᠃
   ᠱᠤᠤ ᠶᠠᠨ ᠵᠢᠶᠦ᠋ᠨ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠭᠤᠣᠯ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠭᠤᠣᠯᠯᠠᠭᠴᠢ ᠦᠢᠯᠡᠳᠦᠯ ᠢ ᠦᠨᠡᠨᠬᠦ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠪᠠᠭ ᠢᠶᠠᠨ ᠰᠠᠶᠢᠲᠤᠷ ᠳᠠᠭᠠᠭᠤᠯᠵᠤ᠂ ᠡᠩᠨᠡᠭᠡ ᠪᠠᠨ ᠰᠠᠶᠢᠲᠤᠷ ᠳᠠᠭᠠᠭᠤᠯᠬᠤ ᠬᠡᠷᠡᠭᠲᠡᠢ᠃ ᠤᠳᠤᠷᠢᠳᠬᠤ ᠪᠠᠭ ᠤᠨ ᠭᠡᠰᠢᠭᠦᠳ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠲᠤᠬᠠᠶᠢᠯᠠᠭᠰᠠᠨ ᠠᠵᠢᠯ ᠪᠠ ᠨᠠᠮ ᠤᠨ ᠪᠠᠶᠢᠭᠤᠯᠤᠯᠲᠠ ᠶᠢ ᠠᠳᠬᠤᠬᠤ ᠶᠢ ᠤᠶᠠᠯᠳᠤᠭᠤᠯᠬᠤ᠂ ᠬᠥᠮᠥᠨ ᠢ ᠬᠠᠮᠢᠶᠠᠷᠬᠤ ᠬᠡᠷᠡᠭ ᠶᠠᠪᠤᠳᠠᠯ ᠢ ᠬᠠᠮᠢᠶᠠᠷᠬᠤ ᠪᠠ ᠦᠵᠡᠯ ᠰᠠᠨᠠᠭ᠎ᠠ ᠶᠢ ᠬᠠᠮᠢᠶᠠᠷᠬᠤ ᠰᠤᠷᠲᠠᠯ ᠢ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠢᠨ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠴᠢᠯᠠᠬᠤ ᠠᠰᠠᠭᠤᠳᠠᠯ ᠢ ᠲᠥᠪ ᠴᠢᠩᠭ᠎ᠠ ᠪᠠᠷ ᠴᠡᠭᠴᠡᠯᠡᠨ ᠵᠠᠰᠠᠬᠤ ᠬᠡᠷᠡᠭᠲᠡᠢ᠃ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠬᠥᠮᠥᠨ ᠰᠣᠩᠭᠤᠵᠤ ᠬᠥᠮᠥᠨ ᠬᠡᠷᠡᠭᠯᠡᠵᠦ᠂ ︽ᠨᠠᠮ ᠵᠠᠰᠠᠭ ᠤᠨ ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠳᠦᠷᠢᠮ︾  ᠢ ᠴᠢᠩᠭ᠎ᠠ ᠬᠡᠷᠡᠭᠵᠢᠭᠦᠯᠵᠦ᠂ ᠡᠯ᠎ᠡ ᠱᠠᠲᠤᠨ ᠤ ᠤᠳᠤᠷᠢᠳᠬᠤ ᠪᠠᠭ ᠤᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠳᠤᠷᠢᠳᠬᠤ ᠪᠠᠭ ᠤᠨ ᠪᠦᠲᠦᠴᠡ ᠶᠢ ᠰᠢᠯᠢᠳᠡᠭᠵᠢᠭᠦᠯᠵᠦ᠂ ᠤᠳᠤᠷᠢᠳᠬᠤ ᠪᠠᠭ ᠤᠨ ᠬᠦᠴᠦᠨ ᠢ ᠲᠡᠭᠦᠯᠳᠡᠷᠵᠢᠭᠦᠯᠵᠦ᠂ ᠬᠥᠮᠥᠨ ᠰᠣᠩᠭᠤᠵᠤ ᠬᠥᠮᠥᠨ ᠬᠡᠷᠡᠭᠯᠡᠬᠦ ᠲᠠᠯ᠎ᠠ ᠪᠠᠷ ᠬᠢ  ᠨᠡᠶᠢᠲᠡ ᠶᠢᠨ ᠢᠲᠡᠭᠡᠮᠵᠢ ᠶᠢᠨ ᠪᠠᠷᠢᠮᠵᠢᠶ᠎ᠠ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠ ᠬᠥᠭᠵᠢᠯᠲᠡ ᠪᠠᠷ ᠭᠤᠣᠯ ᠪᠣᠯᠭᠠᠭᠰᠠᠨ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠺᠠᠳ᠋ᠷ ᠢ ᠬᠥᠮᠥᠵᠢᠭᠦᠯᠵᠦ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠶᠢ ᠪᠠᠷᠢᠮᠲᠠᠯᠠᠵᠤ᠂ ᠤᠳᠤᠷᠢᠳᠬᠤ ᠺᠠᠳ᠋ᠷ ᠤᠨ ᠶᠠᠮᠠᠷ ᠴᠤ ᠪᠠᠶᠢᠷᠢᠨ ᠳᠤ ᠰᠠᠶᠢᠨ ᠠᠵᠢᠯᠯᠠᠬᠤ ᠬᠤᠯᠪᠣᠭᠳᠠᠯ ᠪᠦᠬᠦᠢ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃    ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ ᠪᠣᠳᠠᠲᠤ ᠦᠷ᠎ᠡ ᠪᠦᠲᠦᠮᠵᠢ ᠣᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠪᠣᠯᠣᠨ ᠪᠦᠬᠦ ᠬᠤᠰᠢᠭᠤᠨ ᠤ ︽ᠠᠷᠪᠠᠨ ᠶᠡᠭᠡ ᠠᠵᠤ ᠦᠢᠯᠡᠰ ᠤᠨ ᠬᠡᠯᠬᠢᠶ᠎ᠡ︾ ᠶᠢᠨ ᠠᠵᠢᠯ ᠤᠨ ᠲᠣᠬᠢᠷᠠᠭᠤᠯᠤᠯᠲᠠ ᠶᠢ ᠴᠢᠩᠭ᠎ᠠ ᠵᠢᠷᠤᠮᠯᠠᠨ᠂ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠬᠥᠩᠭᠡᠨ ᠴᠠᠭᠠᠨ ᠤ ᠰᠡᠭᠦᠯᠴᠢ ᠶᠢᠨ ᠨᠠᠷᠢᠯᠢᠭ ᠪᠣᠯᠪᠠᠰᠤᠷᠠᠭᠤᠯᠤᠯᠲᠠ᠂ ᠠᠯᠠᠰᠢᠨ ᠦᠬᠡᠷ ᠵᠡᠷᠭᠡ ᠠᠵᠤ ᠦᠢᠯᠡᠰ ᠢᠶᠠᠷ ᠬᠦᠴᠢᠷᠳᠡᠯ ᠢ ᠰᠢᠪᠲᠤᠯᠬᠤ ᠵᠠᠩᠭᠢᠯᠠᠭ᠎ᠠ ᠪᠣᠯᠭᠠᠵᠤ᠂ ᠺᠠᠩ ᠨᠠᠢ ᠡᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠵᠠᠷᠣᠳ ᠬᠥᠩᠭᠡᠨ ᠴᠠᠭᠠᠨ ᠤ ᠬᠤᠶᠠᠳᠤᠭᠠᠷ ᠬᠤᠭᠤᠴᠠᠭ᠎ᠠ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠬᠤᠷᠬᠠᠨ ᠬᠤᠭᠤᠴᠠᠭᠠᠨ ᠳᠤ ᠨᠡᠯᠢᠶᠡᠳ ᠶᠡᠭᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠵᠤ᠂ ᠪᠥᠬᠦ ᠬᠤᠰᠢᠭᠤᠨ ᠤ ᠬᠥᠭᠡᠭᠡᠵᠦ ᠭᠦᠢᠴᠡᠵᠦ ᠳᠠᠪᠠᠨ ᠭᠠᠷᠬᠤ ᠠᠯᠬᠤᠴᠠ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ︽ᠠᠷᠪᠠᠨ ᠶᠡᠭᠡ ᠠᠵᠤ ᠦᠢᠯᠡᠰ ᠤᠨ ᠬᠡᠯᠬᠢᠶ᠎ᠡ︾ ᠶᠢᠨ ᠲᠣᠭᠤᠷᠢᠨ ᠳᠤ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠠᠵᠢᠯ ᠲᠥᠷᠥᠯ ᠤᠨ ᠲᠡᠷᠢᠭᠦᠨ ᠤ ᠠᠵᠤ ᠠᠬᠤᠶᠢᠯᠠᠯ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠢ ᠴᠢᠩᠭ᠎ᠠ ᠠᠩᠬᠠᠷᠴᠤ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠠᠵᠤ ᠦᠢᠯᠡᠰ ᠤᠨ ᠲᠤᠯᠭᠠᠭᠤᠷᠢᠯᠠᠬᠤ ᠴᠢᠨᠠᠷ ᠢᠶᠠᠷ ᠴᠢᠩᠭ᠎ᠠ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠨᠥᠬᠦᠪᠦᠷᠢᠯᠡᠵᠦ ᠬᠡᠯᠬᠢᠶ᠎ᠡ ᠪᠠᠨ ᠴᠢᠩᠭᠠᠳᠬᠠᠬᠤ ᠳᠡᠭᠡᠷ᠎ᠡ ᠬᠦᠴᠦ ᠲᠠᠯᠪᠢᠵᠤ ᠂ ᠠᠵᠤ ᠦᠢᠯᠡᠰ ᠤᠨ ᠬᠡᠯᠬᠢᠶ᠎ᠡ ᠶᠢ ᠪᠦᠯᠦᠭᠵᠢᠭᠦᠯᠦᠨ ᠬᠥᠭᠵᠢᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ ᠥᠷᠯᠥᠭᠡ ᠦᠳᠡᠰᠢ ᠲᠠᠢ ᠲᠡᠮᠡᠴᠡᠬᠦ ᠴᠢᠷᠮᠠᠶᠢᠯᠭ᠎ᠠ ᠪᠠᠷ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃
   ᠱᠤᠤ ᠶᠠᠨ ᠵᠢᠶᠦ᠋ᠨ ᠱᠠᠭᠠᠷᠳᠠᠭᠰᠠᠨ ᠨᠢ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ︽ᠲᠦᠷᠪᠡᠨ ᠵᠦᠢᠯ ᠤᠨ ᠬᠡᠯᠪᠡᠷᠢ︾  ᠢ ᠭᠦᠢᠴᠡᠳ ᠠᠰᠢᠭᠯᠠᠵᠤ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠬᠢᠨᠠᠨ ᠪᠠᠶᠢᠴᠠᠭᠠᠬᠤ ᠶᠢ ᠨᠡᠩ ᠲᠣᠪᠣᠶᠢᠮ᠎ᠠ᠂ ᠨᠡᠩ ᠴᠢᠬᠤᠯᠠ ᠪᠠᠶᠢᠷᠢᠨ ᠳᠤ ᠲᠠᠯᠪᠢᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠪᠣᠯᠣᠨ ᠭᠤᠣᠯᠳᠠᠯᠭ᠎ᠠ ᠲᠠᠢ ᠠᠵᠢᠯ ᠤᠨ ᠪᠠᠶᠢᠷᠢ ᠶᠢ ᠴᠢᠩᠭ᠎ᠠ ᠠᠩᠬᠠᠷᠴᠤ᠂ ᠡᠷᠲᠡ ᠠᠳᠬᠤᠵᠤ ᠪᠠᠭ᠎ᠠ  ᠳᠤᠨᠢ ᠠᠳᠬᠤᠬᠤ ᠶᠢ ᠪᠠᠷᠢᠮᠲᠠᠯᠠᠬᠤ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠵᠠᠳᠠᠯᠬᠤ᠂ ᠪᠠᠶᠢᠴᠠᠭᠠᠵᠤ ᠬᠢᠨᠠᠯᠲᠠ ᠲᠠᠯᠪᠢᠬᠤ᠂ ᠬᠡᠳᠡᠷᠬᠦ ᠪᠠᠶᠢᠴᠠᠭᠠᠵᠤ ᠨᠡᠬᠡᠮᠵᠢᠯᠡᠬᠦ ᠪᠦᠷᠢᠨ ᠪᠦᠲᠦᠨ ᠬᠡᠯᠬᠢᠶ᠎ᠡ ᠶᠢ ᠪᠦᠷᠢᠨᠰᠢᠭᠦᠯᠵᠦ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠬᠠᠷᠢᠭᠤᠴᠠᠯᠭ᠎ᠠ ᠨᠡᠬᠡᠮᠵᠢᠯᠡᠬᠦ ᠡᠨᠡ ᠬᠦ ᠬᠤᠷᠴᠠ ᠰᠡᠯᠡᠮ᠎ᠡ ᠶᠢ ᠦᠨᠡᠨ ᠬᠦ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠨ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠴᠢᠩᠭ᠎ᠠ ᠬᠠᠮᠢᠶᠠᠷᠬᠤ ᠪᠣᠯ ᠳᠠᠷᠤᠢ ᠭᠦᠨ ᠵᠤᠵᠠᠭᠠᠨ ᠬᠠᠶᠢᠷ᠎ᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠥᠩᠭᠡᠷᠡᠭᠰᠡᠨ ᠢ ᠨᠢ ᠵᠠᠯᠬᠠᠭᠠᠵᠤ ᠬᠤᠶᠢᠰᠢᠳᠠ ᠳᠤᠨᠢ ᠴᠡᠭᠡᠷᠯᠡᠯ ᠪᠣᠯᠭᠠᠬᠤ᠂ ᠵᠠᠰᠠᠨ ᠬᠦᠮᠦᠵᠢᠭᠦᠯᠬᠦ ᠵᠠᠷᠴᠢᠮ ᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠪᠠ ᠶᠣᠰᠣ ᠳᠦᠷᠢᠮ ᠢ ᠲᠡᠷᠢᠭᠦᠨ ᠳᠤ ᠲᠠᠯᠪᠢᠵᠤ᠂ ᠪᠠᠶᠢᠩᠭᠤᠵᠢᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠬᠡᠮᠵᠢᠭᠦᠷ ᠪᠣᠯᠭᠠᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ︽ᠳᠥᠷᠪᠡᠨ ᠰᠤᠷᠲᠠᠯ︾ ᠢ ᠤᠷᠲᠤ ᠬᠤᠭᠤᠴᠠᠭ᠎ᠠ  ᠪᠠᠷ ᠡᠰᠡᠷᠭᠦᠴᠡᠵᠦ᠂ ᠬᠠᠭᠤᠴᠢᠨ ᠠᠰᠠᠭᠤᠳᠠᠯ ᠢ ᠴᠢᠩᠭ᠎ᠠ ᠠᠩᠬᠠᠷᠴᠤ᠂ ᠰᠢᠨ᠎ᠡ ᠬᠠᠨᠳᠤᠰᠢ ᠶᠢ ᠠᠩᠬᠠᠷᠴᠤ᠂ ᠳᠠᠬᠢᠨ ᠰᠡᠷᠭᠦᠬᠦ ᠶᠢ ᠡᠷᠡᠰ ᠰᠡᠷᠭᠡᠶᠢᠯᠡᠵᠦ᠂ ︽ᠳᠥᠷᠪᠡᠨ ᠰᠤᠷᠲᠠᠯ︾ ᠤᠨ ᠬᠤᠪᠢᠷᠠᠯᠲᠠ   ᠶᠢ ᠬᠦᠴᠦᠲᠡᠢ ᠬᠤᠷᠢᠭᠯᠠᠵᠤ᠂ ᠲᠥᠪ ᠪᠤᠰᠤ ᠰᠤᠷᠲᠠᠯ ᠤᠨ ᠰᠢᠨ᠎ᠡ ᠬᠠᠨᠳᠤᠰᠢ᠂ ᠰᠢᠨ᠎ᠡ ᠢᠯᠡᠷᠡᠯ ᠢ ᠨᠢᠭᠲᠠ ᠠᠩᠬᠠᠷᠴᠤ᠂ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠲᠦᠷᠭᠡᠨ ᠪᠠᠶᠢᠴᠠᠭᠠᠨ ᠴᠢᠩᠭ᠎ᠠ ᠰᠢᠢᠳᠬᠡᠵᠦ᠂ ᠵᠦᠢᠯ ᠵᠢᠰᠦᠮ ᠤᠨ ︽ᠲᠦᠷᠪᠡᠨ ᠰᠤᠷᠲᠠᠯ︾ ᠢ ᠳᠠᠯᠳᠠᠯᠠᠬᠤ ᠭᠠᠵᠠᠷ ᠦᠭᠡᠢ ᠪᠣᠯᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠦᠨᠡᠨ ᠬᠦ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠬᠤ ᠬᠡᠷᠡᠭᠲᠡᠢ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠱᠠᠲᠤ ᠱᠠᠲᠤ ᠪᠠᠷ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠵᠤ᠂ ᠡᠷᠡᠭᠦᠯ ᠰᠠᠷᠠᠭᠤᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ ᠭᠡᠪᠡ᠃
   ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠠᠮᠲᠤᠪᠠᠷ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ ᠢ ᠦᠵᠡᠵᠡᠢ︔ ᠯᠢᠦ ᠰᠢ ᠯᠢᠨ ᠪᠥᠬᠦ ᠬᠤᠰᠢᠭᠤᠨ ᠤ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠴᠢᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号